ᠳᠠᠷᠬᠠᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠨᠡᠷ ᠲᠦᠭᠡᠷᠢᠭᠰᠡᠨ ᠵᠢᠭᠠᠯ ᠢ ᠲᠦᠷᠭᠡᠨ ᠡᠷᠢᠵᠤ ᠣᠯᠪᠠ
ᠨᠡᠶᠢᠲᠡᠯᠡᠭᠰᠡᠨ ᠴᠠᠭ᠄
2024/5/9
      2024 ᠣᠨ ᠤ 5 ᠰᠠᠷ᠎ᠠ ᠶᠢᠨ 3 ᠤ ᠡᠳᠦᠷ᠂ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤᠨ ᠤ ᠳᠠᠷᠬᠠᠨ ᠠᠭᠤᠯᠠ ᠰᠤᠮᠤᠨ ᠤ ᠳᠠᠯᠠᠶᠢᠨᠠᠭᠤᠷ ᠤᠨ ᠬᠤᠶᠢᠲᠤ ᠡᠷᠭᠢ ᠶᠢᠨ ᠦᠵᠡᠮᠵᠢ ᠶᠢᠨ ᠭᠠᠵᠠᠷ ᠲᠤ᠂ ᠳᠠᠷᠬᠠᠨ ᠲᠣᠮᠢᠯᠠᠭᠰᠠᠨ ᠰᠠᠯᠪᠤᠷᠢ ᠶᠢᠨ ᠵᠢᠵᠢᠭᠦᠷ ᠤᠨ ᠴᠠᠭᠳᠠᠭ᠎ᠠ ᠨᠢᠭᠡᠨ ᠭᠡᠷ ᠤᠨ ᠠᠬᠠᠮᠠᠳ ᠢ ᠬᠠᠪᠰᠤᠷᠤᠨ ᠲᠥᠭᠡᠷᠢᠭᠰᠡᠨ ᠬᠡᠦᠬᠡᠳ ᠢ ᠡᠷᠢᠨ ᠣᠯᠵᠤ᠂ ᠬᠡᠰᠢᠭᠲᠡᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠲᠤᠰᠬᠠᠢ ᠮᠡᠷᠭᠡᠵᠢᠯ ᠤᠨ ᠪᠣᠯᠪᠠᠰᠤᠷᠠᠯ ᠵᠢᠴᠢ ᠠᠷᠠᠳ ᠲᠦᠮᠡᠨ ᠤ ᠠᠮᠤᠷ ᠲᠦᠪᠰᠢᠨ ᠢ ᠰᠠᠬᠢᠨ ᠬᠠᠮᠠᠭᠠᠯᠠᠬᠤ ᠵᠣᠷᠢᠭ ᠰᠠᠨᠠᠭ᠎ᠠ ᠶᠢ ᠬᠦᠢᠴᠡᠳ ᠬᠠᠷᠠᠭᠤᠯᠵᠠᠢ᠃
mmexport1714909830259.jpg
     5 ᠰᠠᠷ᠎ᠠ ᠶᠢᠨ 3 ᠤ ᠡᠳᠦᠷ ᠤᠨ 15 ᠴᠠᠭ 40 ᠮᠢᠨᠦ᠋ᠲ ᠲᠤ᠂ ᠳᠠᠷᠬᠠᠨ ᠲᠣᠮᠢᠯᠠᠭᠰᠠᠨ ᠰᠠᠯᠪᠤᠷᠢ ᠶᠢᠨ ᠬᠢᠨ ᠵᠢᠯᠤᠭᠤᠳᠬᠤ ᠲᠥᠪ ᠤᠨ ᠳᠠᠯᠠᠶᠢᠨᠠᠭᠤᠷ ᠤᠨ ᠬᠤᠶᠢᠲᠤ ᠬᠥᠪᠡᠭᠡᠨ ᠤ ᠦᠵᠡᠮᠵᠢ ᠶᠢᠨ ᠭᠠᠵᠠᠷ ᠲᠤ ᠣᠬᠤᠷ ᠬᠠᠨᠴᠤᠢ ᠲᠠᠢ ᠬᠠᠷ᠎ᠠ ᠴᠠᠮᠴᠠ ᠡᠮᠦᠰᠦᠭᠰᠡᠨ᠂ ᠮᠠᠷᠢᠶᠠᠯᠢᠭ᠂ ᠣᠬᠤᠷ ᠦᠰᠦ ᠲᠠᠢ ᠠᠷᠪᠠᠨ ᠨᠢᠭᠡᠨ ᠨᠠᠰᠦᠳᠠᠢ ᠵᠢᠭᠠᠯ ᠬᠦᠦ ᠬᠤᠶᠠᠷ ᠴᠠᠭ ᠰᠢᠬᠠᠮ ᠪᠠᠷᠠᠭ᠎ᠠ ᠰᠤᠷᠠᠭ ᠦᠭᠡᠢ ᠪᠤᠯᠤᠭᠰᠠᠨ ᠪᠠᠶᠢᠨ᠎ᠠ ᠭᠡᠬᠦ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ ᠲᠣᠮᠢᠯᠠᠭᠰᠠᠨ ᠰᠠᠯᠪᠤᠷᠢ  ᠶᠢᠨ ᠬᠢᠨ ᠳᠠᠷᠤᠶᠢᠬᠠᠨ ᠲᠤᠬᠠᠢ ᠶᠢᠨ ᠲᠠᠯᠠᠪᠠᠶ ᠳᠤ ᠬᠦᠷᠴᠦ᠂ ᠭᠡᠷ ᠤᠨ ᠠᠬᠠᠮᠠᠳ ᠲᠠᠢ ᠬᠤᠯᠪᠣᠭ᠎ᠠ ᠠᠪᠬᠤ ᠶᠢᠨ ᠬᠠᠮᠲᠤ ᠦᠵᠡᠮᠵᠢ ᠶᠢᠨ ᠭᠠᠵᠠᠷ ᠤᠨ ᠬᠠᠷᠢᠭᠤᠴᠠᠯᠭᠠᠲᠠᠨ ᠲᠠᠢ ᠬᠠᠷᠢᠯᠴᠠᠵᠤ᠂ ᠷᠠᠳᠢᠣ᠋ ᠨᠡᠪᠲᠡᠷᠡᠭᠦᠯᠭᠡ ᠪᠠᠷ ᠥᠷᠭᠡᠨ ᠣᠯᠠᠨ ᠵᠤᠭᠠᠴᠠᠭᠰᠠᠳ ᠲᠤ ᠲᠥᠭᠡᠷᠢᠭᠰᠡᠨ ᠬᠡᠦᠬᠡᠳ ᠤᠨ ᠣᠨᠴᠠᠯᠢᠭ ᠪᠠᠶᠢᠳᠠᠯ ᠢ ᠨᠠᠪᠲᠡᠷᠡᠭᠦᠯᠦᠭᠰᠡᠨ ᠪᠠᠶᠢᠨ᠎ᠠ᠃ ᠴᠢᠷᠮᠠᠶᠢᠭ᠎ᠠ ᠬᠦᠮᠦᠨ ᠢ ᠭᠤᠮᠤᠳᠠᠭᠠᠬᠤ ᠦᠭᠡᠢ ᠭᠡᠳᠡᠭᠴᠢᠯᠡᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ᠂ ᠦᠵᠡᠮᠵᠢ ᠶᠢᠨ ᠭᠠᠵᠠᠷ ᠤᠨ ᠠᠵᠢᠯᠲᠠᠨ ᠵᠢᠴᠢ ᠬᠠᠯᠠᠭᠤᠨ ᠰᠡᠳᠬᠢᠯᠲᠦ ᠤᠯᠠᠨ ᠲᠦᠮᠡᠨ ᠤ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ᠦᠵᠡᠮᠵᠢ ᠶᠢᠨ ᠭᠠᠵᠠᠷ ᠤᠨ ᠬᠤᠶᠢᠲᠤ ᠬᠡᠰᠡᠭ ᠲᠤ ᠲᠦᠭᠡᠷᠢᠵᠤ ᠶᠠᠪᠤᠭᠠᠳ ᠤᠬᠢᠯᠠᠵᠤ ᠪᠠᠶᠢᠭᠰᠠᠨ ᠵᠢᠭᠠᠯ ᠬᠦᠦ ᠶᠢ ᠤᠯᠵᠤ ᠠᠪᠴᠠᠢ᠃ ᠵᠢᠭᠠᠯ ᠬᠦᠦ ᠤᠯᠠᠨ ᠢ ᠦᠵᠡᠭᠡᠳ ᠡᠬᠡᠷ ᠲᠡᠳᠡᠨ ᠤᠬᠢᠯᠠᠵᠤ᠂ ᠡᠵᠢ ᠪᠠᠨ ᠲᠡᠪᠡᠷᠢᠵᠦ᠄ ︽ᠴᠠᠭᠳᠠᠭ᠎ᠠ ᠠᠪᠠᠭ᠎ᠠ ᠮᠢᠨᠤ ᠡᠵᠢ ᠶᠢ ᠯᠠᠪᠳᠠᠢ ᠡᠷᠢᠵᠦ ᠣᠯᠣᠨ᠎ᠠ ᠭᠡᠳᠡᠭ ᠢ ᠪᠢ ᠮᠡᠳᠡᠵᠦ ᠪᠠᠢᠭᠰᠠᠨ ᠶᠤᠮ᠂ ᠪᠠᠳᠤ ᠢᠳᠡᠭᠡᠵᠤ ᠪᠠᠶᠢᠭᠰᠠᠨ ᠶᠤᠮ ᠁︾ ᠭᠡᠵᠦ ᠳᠠᠬᠢᠨ ᠳᠠᠪᠲᠠᠨ ᠶᠠᠷᠢᠵᠤ ᠪᠠᠶᠢᠯ᠎ᠠ᠃ 
mmexport1714909839253 (1).jpg
     ᠲᠤᠮᠢᠯᠠᠭᠰᠠᠨ ᠰᠠᠯᠪᠤᠷᠢ ᠶᠢᠨ ᠴᠠᠭᠳᠠᠭ᠎ᠠ ᠶᠢ ᠶᠠᠪᠤᠬᠤ ᠦᠶ᠎ᠡ ᠳᠤ᠂ ᠵᠢᠭᠠᠯ ᠬᠦᠦ ᠴᠠᠭᠳᠠᠭ᠎ᠠ ᠠᠪᠠᠭ᠎ᠠ ᠨᠡᠷ ᠲᠠᠢ ᠭᠠᠷ ᠠᠳᠬᠤᠨ ᠳᠡᠳᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠭ᠎ᠠ ᠪᠠᠨ ᠢᠯᠡᠳᠬᠡᠵᠠᠢ᠃ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠠᠴᠠ ᠬᠡᠦᠬᠡᠳ ᠤᠨ ᠭᠡᠷ ᠤᠨ ᠠᠬᠠᠮᠠᠳ ᠢ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠬᠡᠦᠬᠡᠳ ᠤᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠵᠠᠬᠢᠭᠰᠠᠨ ᠪᠠᠶᠢᠨ᠎ᠠ᠃     ᠳᠠᠷᠬᠠᠨ ᠲᠣᠮᠢᠯᠠᠭᠰᠠᠨ ᠰᠠᠯᠪᠤᠷᠢ ᠶᠢᠨ ᠬᠢᠨ ᠠᠷᠠᠳ ᠲᠦᠮᠡᠨ ᠤ ᠪᠠᠨ ᠲᠦᠯᠦᠬᠡ ᠬᠠᠷᠠᠮ ᠦᠭᠡᠢ ᠦᠢᠯᠡᠴᠢᠯᠡᠵᠤ᠂ ᠶᠡᠭᠡ ᠪᠠᠭ᠎ᠠ ᠤᠴᠢᠷ ᠭᠡᠰᠡᠨ ᠦᠭᠡᠢ ᠬᠢᠨᠠᠮᠠᠭᠠᠢ ᠪᠡᠶᠡᠯᠡᠭᠦᠯᠦᠨ᠂ ᠲᠤᠳᠤᠭᠠᠳᠤ ᠶᠢ ᠬᠠᠮᠠᠭᠠᠯᠠᠬᠤ ᠠᠵᠢᠯ ᠤᠨ ᠦᠢᠯᠡᠴᠢᠯᠡᠭᠡᠨ ᠤ ᠴᠢᠨᠠᠷ ᠢ ᠠᠯᠬᠤᠮ ᠴᠢᠨᠠᠭᠰᠢᠳᠠ ᠳᠡᠭᠡᠭᠰᠢᠯᠡᠭᠦᠯᠵᠦ᠂ ᠠᠷᠠᠳ ᠤᠯᠠᠨ ᠬᠠᠨᠤᠮᠵᠢ ᠶᠢᠨ ᠬᠡᠮᠵᠢᠶ᠎ᠡ ᠪᠠ ᠲᠠᠶᠢᠪᠤᠩᠲᠤ ᠲᠥᠷᠥᠭᠳᠡᠯ ᠢ ᠤᠯᠠᠮ ᠳᠡᠭᠡᠭᠰᠢᠯᠡᠭᠦᠯᠪᠡ᠃ 
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ