ᠣᠶᠢᠷ᠎ᠠ ᠳᠤ᠂ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠳᠣᠲᠣᠭᠠᠳᠤ ᠶᠢ ᠬᠠᠮᠠᠭᠠᠯᠠᠬᠤ ᠶᠠᠮᠤᠨ᠂ ᠰᠣᠶᠣᠯ ᠪᠠ | ᠵᠢᠭᠤᠯᠴᠢᠯᠠᠯ ᠤᠨ ᠶᠠᠮᠤᠨ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠲᠠᠢ ᠬᠠᠮᠲᠤᠷᠠᠨ ︽ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢ | ᠵᠠᠰᠠᠬᠤ ᠲᠣᠭᠲᠠᠭᠠᠯ︾ ︵ ᠠᠷᠤ ᠳᠤ ︽ᠲᠣᠭᠲᠠᠭᠠᠯ︾ ᠭᠡᠵᠦ ᠲᠣᠪᠴᠢᠯᠠᠨ᠎ᠠ︶ ᠢ ᠨᠡᠶᠢᠲᠡᠯᠡᠪᠡ᠃ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ | ᠠᠯᠪᠠᠨ ᠭᠡᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ︽ᠲᠣᠭᠲᠠᠭᠠᠯ︾ ᠤᠨ ᠬᠤᠯᠪᠣᠭᠳᠠᠯ ᠪᠦᠬᠦᠢ ᠠᠰᠠᠭᠤᠳᠠᠯ ᠤᠨ ᠲᠠᠯ᠎ᠠ ᠪᠠᠷ ᠰᠤᠷᠪᠤᠯᠵᠢᠯᠠᠭᠴᠢ ᠶᠢᠨ | ᠠᠰᠠᠭᠤᠯᠲᠠ ᠶᠢ ᠬᠠᠷᠢᠭᠤᠯᠵᠠᠶ᠃ | ᠨᠢᠭᠡ᠂ ᠠᠰᠠᠭᠤᠯᠲᠠ᠄ ᠲᠠ ︽ᠲᠣᠭᠲᠠᠭᠠᠯ︾ ᠢ ᠨᠡᠶᠢᠲᠡᠯᠡᠭᠰᠡᠨ ᠠᠬᠤᠶ ᠪᠠᠶᠢᠳᠠᠯ ᠢ ᠳᠥᠭᠦᠮᠬᠡᠨ ᠲᠠᠨᠢᠯᠴᠠᠭᠤᠯᠬᠤ ᠪᠣᠯᠪᠠ ᠦᠦ︖ | ᠬᠠᠷᠢᠭᠤᠯᠲᠠ᠄ ︽ᠲᠣᠭᠲᠠᠭᠠᠯ︾ ᠢ ᠲᠣᠭᠲᠠᠭᠠᠬᠤ ᠳᠤ ᠭᠤᠣᠯᠳᠠᠭᠤ ᠳᠣᠣᠷᠠᠬᠢ ᠬᠡᠳᠦᠨ ᠲᠠᠯ᠎ᠠ ᠶᠢᠨ ᠪᠣᠳᠣᠯᠬᠢᠯᠠᠯ ᠳᠤ ᠰᠠᠭᠤᠷᠢᠯᠠᠵᠠᠢ᠄ ᠨᠢᠭᠡ ᠳᠤ᠂ ᠨᠠᠮ ᠤᠨ | ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠃ ᠶᠡᠷᠦᠩᠬᠡᠶ ᠱᠦᠵᠢ ᠰᠢ ᠶᠢᠨ ᠫᠢᠩ | ᠰᠦᠯᠵᠢᠶᠡᠨ ᠤ ᠠᠮᠢ ᠠᠬᠤᠶ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ᠰᠦᠯᠵᠢᠶᠡᠨ ᠤ ᠣᠷᠣᠨ ᠵᠠᠶ ᠪᠣᠯ ᠲᠦᠭ ᠲᠦᠮᠡᠨ | ᠠᠷᠠᠳ ᠣᠯᠠᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠮᠥᠨ︾᠂ ︽ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢᠨ ᠰᠢᠰᠲ᠋ᠧᠮ ᠢ ᠪᠦᠷᠢᠨᠰᠢᠬᠦᠯᠵᠦ᠂ | ᠰᠠᠶᠢᠨ ᠰᠠᠶᠢᠬᠠᠨ ᠰᠦᠯᠵᠢᠶᠡᠨ ᠤ ᠠᠮᠢ ᠠᠬᠤᠶ ᠶᠢ ᠪᠣᠶ ᠪᠣᠯᠭᠠᠬᠤ ᠶᠢ ᠠᠬᠢᠭᠤᠯᠤᠨ᠎ᠠ︾ ᠭᠡᠵᠦ ᠴᠢᠬᠤᠯᠠᠴᠢᠯᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠶᠣᠰᠣ ᠮᠣᠷᠠᠯ ᠤᠨ | ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ︾ ᠳᠤ ︽ᠰᠦᠯᠵᠢᠶᠡᠨ ᠤ ᠬᠦᠴᠦᠷᠬᠡᠭᠯᠡᠯ ᠤᠨ ᠦᠢᠯᠡ ᠠᠵᠢᠯᠯᠠᠭ᠎ᠠ ᠶᠢ ᠡᠰᠡᠷᠭᠦᠴᠡᠬᠦ︾ ᠶᠢ ᠲᠣᠳᠣᠷᠬᠠᠶᠢᠯᠠᠪᠠ᠃ | ᠬᠤᠶᠠᠷ ᠲᠤ᠂ ᠠᠷᠠᠳ ᠤᠯᠠᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤ ᠨᠢ ᠬᠠᠷᠢᠭᠤᠯᠲᠠ ᠥᠭᠪᠡ᠃ ᠪᠦᠬᠦ ᠤᠯᠤᠰ ᠤᠨ ᠬᠤᠶᠠᠷ | ᠬᠤᠷᠠᠯ ᠤᠨ ᠬᠤᠭᠤᠴᠠᠭᠠᠨ ᠳᠤ᠂ ᠤᠯᠠᠨ ᠲᠣᠭᠠᠨ ᠤ ᠲᠥᠯᠥᠭᠡᠯᠡᠭᠴᠢ ᠬᠡᠰᠢᠭᠦᠨ ᠠᠴᠠ ᠰᠦᠯᠵᠢᠶᠡᠨ ᠤ ᠬᠦᠴᠦᠷᠬᠡᠭᠯᠡᠯ ᠢ ᠡᠰᠡᠷᠭᠦᠴᠡᠬᠦ ᠬᠠᠨᠳᠤᠯᠭᠠᠲᠤ ᠴᠢᠨᠠᠷᠲᠠᠢ | ᠬᠠᠤᠯᠢ ᠲᠣᠭᠲᠠᠭᠠᠯᠲᠠ ᠶᠢ ᠲᠦᠷᠭᠡᠨ ᠲᠣᠭᠲᠠᠭᠠᠬᠤ ᠶᠢ ᠴᠢᠩᠭ᠎ᠠ ᠤᠷᠢᠶᠠᠯᠠᠵᠤ᠂ ᠰᠦᠯᠵᠢᠶᠡᠨ ᠤ ᠬᠦᠴᠦᠷᠬᠡᠭᠯᠡᠯ ᠢ ᠴᠡᠭᠴᠡᠯᠡᠨ ᠵᠠᠰᠠᠬᠤ ᠲᠤᠬᠠᠢ ᠰᠠᠨᠠᠭᠤᠯᠭ᠎ᠠ ᠰᠠᠨᠠᠯ | ᠳᠤᠷᠠᠳᠤᠯᠭ᠎ᠠ ᠨᠢ ᠠᠷᠠᠳ ᠤᠯᠠᠨ ᠤ ᠥᠷᠭᠡᠨ ᠳᠡᠯᠭᠡᠷ ᠬᠦᠷᠢᠶᠡᠯᠡᠯ ᠢ ᠤᠯᠪᠠ᠃ ᠭᠤᠷᠪᠠ ᠳᠤ᠂ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ | ᠵᠠᠰᠠᠯᠲᠠ ᠶᠢᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠪᠡ᠃ ︽ᠰᠦᠯᠵᠢᠶᠡᠨ ᠤ ᠠᠮᠤᠷ ᠲᠦᠪᠰᠢᠨ ᠤ ᠬᠠᠤᠯᠢ︾ ︽ᠬᠤᠪᠢ ᠬᠥᠮᠦᠨ ᠤ ᠮᠡᠳᠡᠭᠡ ᠵᠠᠩᠭᠢ ᠶᠢ | ᠬᠠᠮᠠᠭᠠᠯᠠᠬᠤ ᠬᠠᠤᠯᠢ︾ ︽ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠤ ᠬᠠᠮᠠᠭᠠᠯᠠᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ | ᠤᠷᠢᠳ ᠬᠤᠵᠢᠳ ᠨᠡᠶᠢᠲᠡᠯᠡᠭᠰᠡᠨ ᠪᠥᠭᠡᠳ ᠬᠤᠯᠪᠣᠭᠳᠠᠯ ᠪᠥᠬᠦᠶ ᠲᠦᠷᠢᠮ ᠢ ᠵᠢᠷᠤᠵᠤ ᠲᠥᠯᠥᠪᠯᠡᠭᠰᠡᠨ ᠰᠠᠭᠤᠷᠢᠨ ᠳᠡᠭᠡᠷ᠎ᠡ᠂ ︽ᠲᠣᠭᠲᠠᠭᠠᠯ︾ ᠳᠤ ᠰᠦᠯᠵᠢᠶᠡᠨ ᠤ | ᠬᠦᠴᠦᠷᠬᠡᠭᠯᠡᠯ ᠤᠨ ᠮᠡᠳᠡᠭᠡ ᠵᠠᠩᠭᠢ ᠶᠢ ᠵᠠᠰᠠᠬᠤ ᠲᠦᠷᠢᠮ ᠤᠨ ᠰᠢᠰᠲ᠋ᠧᠮ ᠢ ᠤᠯᠠᠮ ᠨᠢᠭᠡ ᠠᠯᠬᠤᠮ ᠪᠠᠶᠢᠭᠤᠯᠵᠤ᠂ ᠵᠠᠰᠠᠬᠤ ᠦᠢᠯᠡᠳᠦᠯ ᠴᠢᠳᠠᠪᠤᠷᠢ ᠶᠢ ᠬᠦᠴᠦᠲᠡᠶ | ᠳᠡᠭᠡᠭᠰᠢᠯᠡᠭᠦᠯᠪᠡ᠃ | ᠬᠤᠶᠠᠷ᠂ ᠠᠰᠠᠭᠤᠯᠲᠠ᠄ ︽ᠲᠣᠭᠲᠠᠭᠠᠯ︾ ᠳᠤ ᠬᠡᠯᠡᠵᠦ ᠪᠠᠶᠢᠭ᠎ᠠ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠭᠡᠳᠡᠭ ᠨᠢ ᠶᠠᠭᠤ ᠶᠢ ᠵᠢᠭᠠᠵᠤ ᠪᠠᠶᠢᠬᠤ | ᠪᠤᠢ︖ | ᠬᠠᠷᠢᠭᠤᠯᠲᠠ᠄ ︽ᠲᠣᠭᠲᠠᠭᠠᠯ︾ ᠳᠤ ᠬᠡᠯᠡᠵᠦ ᠪᠠᠶᠢᠭ᠎ᠠ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠭᠡᠳᠡᠭ ᠨᠢ ᠰᠦᠯᠵᠢᠶ᠎ᠡ ᠪᠠᠷ ᠳᠠᠮᠵᠢᠭᠤᠯᠤᠨ | ᠲᠧᠺᠰᠲ᠂ ᠵᠢᠷᠤᠭ ᠳᠦᠷᠰᠦ᠂ ᠲᠠᠭᠤᠨ ᠳᠠᠪᠲᠠᠮᠵᠢ᠂ ᠸᠢᠳᠢᠤ᠋ ᠵᠡᠷᠭᠡ ᠬᠡᠯᠪᠡᠷᠢ ᠪᠠᠷ ᠬᠤᠪᠢ ᠬᠥᠮᠦᠨ ᠳᠤ ᠲᠥᠪᠯᠡᠷᠡᠭᠦᠯᠦᠨ ᠨᠡᠶᠢᠲᠡᠯᠡᠭᠰᠡᠨ᠂ ᠳᠣᠷᠣᠮᠵᠢᠯᠠᠨ | ᠬᠠᠷᠢᠶᠠᠭᠰᠠᠨ᠂ ᠴᠤᠤᠷᠬᠠᠯ ᠲᠠᠯᠪᠢᠨ ᠭᠦᠳᠬᠡᠭᠰᠡᠨ᠂ ᠥᠰᠢᠶ᠎ᠡ ᠬᠤᠷᠣᠰᠤᠯ ᠢ ᠥᠳᠥᠭᠡᠭᠰᠡᠨ᠂ ᠠᠶᠤᠯᠭᠠᠨ ᠰᠦᠷᠳᠡᠭᠦᠯᠦᠭᠰᠡᠨ᠂ ᠬᠤᠪᠢ ᠶᠢᠨ ᠨᠢᠭᠤᠴᠠ ᠳᠤ | ᠬᠠᠯᠳᠠᠭᠰᠠᠨ ᠵᠢᠴᠢ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠨᠥᠯᠥᠭᠡᠯᠡᠭᠰᠡᠨ ᠵᠢᠮᠡᠯᠡᠨ ᠶᠣᠵᠣᠯᠠᠭᠰᠠᠨ᠂ ᠳᠣᠷᠣᠮᠵᠢᠯᠠᠨ ᠭᠠᠳᠠᠭᠤᠷᠴᠢᠯᠠᠭᠰᠠᠨ ᠵᠡᠷᠭᠡ ᠠᠭᠤᠯᠭ᠎ᠠ ᠲᠠᠢ | ᠬᠠᠤᠯᠢ ᠶᠢ ᠵᠥᠷᠢᠴᠡᠭᠰᠡᠨ ᠪᠠ ᠡᠷᠡᠭᠦᠯ ᠪᠤᠰᠤ ᠮᠡᠳᠡᠭᠡ ᠵᠠᠩᠭᠢ ᠶᠢ ᠵᠢᠭᠠᠵᠤ ᠪᠠᠶᠢᠨ᠎ᠠ᠃ | ᠭᠤᠷᠪᠠ᠂ ᠠᠰᠠᠭᠤᠯᠲᠠ᠄ ︽ᠲᠣᠭᠲᠠᠭᠠᠯ︾ ᠳᠤ ᠲᠣᠳᠣᠷᠬᠠᠶ ᠲᠣᠭᠲᠠᠭᠠᠭᠰᠠᠨ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢ ᠵᠠᠰᠠᠬᠤ ᠵᠠᠷᠴᠢᠮ ᠨᠢ | ᠶᠠᠭᠤ ᠪᠣᠶ︖ | ᠬᠠᠷᠢᠭᠤᠯᠲᠠ᠄ ︽ᠲᠣᠭᠲᠠᠭᠠᠯ︾ ᠳᠤ ᠲᠣᠳᠣᠷᠬᠠᠶ ᠲᠣᠭᠲᠠᠭᠠᠭᠰᠠᠨ ᠨᠢ᠂ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢ ᠵᠠᠰᠠᠬᠤ ᠳᠤ ᠡᠬᠢ | ᠡᠭᠦᠰᠦᠯ ᠠᠴᠠ ᠨᠢ ᠰᠡᠷᠭᠡᠶᠢᠯᠡᠬᠦ᠂ ᠰᠡᠷᠭᠡᠶᠢᠯᠡᠨ ᠡᠵᠡᠮᠳᠡᠬᠦ ᠶᠢ ᠤᠶᠠᠯᠳᠤᠭᠤᠯᠬᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ᠂ ᠬᠠᠮᠵᠢᠯᠴᠠᠨ | ᠬᠠᠮᠲᠤ ᠪᠠᠷ ᠵᠠᠰᠠᠬᠤ ᠵᠠᠷᠴᠢᠮ ᠢ ᠪᠠᠷᠢᠮᠲᠠᠯᠠᠨ᠎ᠠ᠃ | ᠳᠥᠷᠪᠡ᠂ ᠠᠰᠠᠭᠤᠯᠲᠠ᠄ ︽ᠲᠣᠭᠲᠠᠭᠠᠯ︾ ᠳᠤ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢ ᠤᠷᠢᠳᠴᠢᠯᠠᠨ ᠰᠡᠷᠭᠡᠶᠢᠯᠡᠬᠦ ᠪᠠ | ᠰᠡᠷᠡᠮᠵᠢᠯᠡᠭᠦᠯᠬᠦ ᠳᠤ ᠶᠠᠮᠠᠷ ᠶᠠᠮᠠᠷ ᠱᠠᠭᠠᠷᠳᠠᠯᠭ᠎ᠠ ᠳᠤᠷᠠᠳᠤᠭᠰᠠᠨ ᠪᠣᠶ︖ | ᠬᠠᠷᠢᠭᠤᠯᠲᠠ᠄ ︽ᠲᠣᠭᠲᠠᠭᠠᠯ︾ ᠳᠤ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢ ᠤᠷᠢᠳᠴᠢᠯᠠᠨ ᠰᠡᠷᠭᠡᠶᠢᠯᠡᠵᠦ ᠰᠡᠷᠡᠮᠵᠢᠯᠡᠭᠦᠯᠬᠦ ᠳᠤ | ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠨᠢᠭᠡ ᠳᠤ᠂ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠭᠴᠢ ᠤᠯᠤᠰ ᠤᠨ ᠰᠦᠯᠵᠢᠶᠡᠨ ᠤ ᠮᠡᠳᠡᠭᠡ | ᠵᠠᠩᠭᠢ ᠶᠢᠨ ᠰᠠᠯᠠᠭ᠎ᠠ ᠮᠥᠴᠢᠷ ᠪᠣᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠢᠯᠤᠭᠤᠳᠤᠯᠭ᠎ᠠ ᠳᠣᠣᠷ᠎ᠠ | ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ ᠲᠦᠷᠦᠯ ᠬᠤᠪᠢᠶᠠᠬᠤ ᠪᠠᠷᠢᠮᠵᠢᠶ᠎ᠠ ᠶᠢᠨ ᠲᠦᠷᠢᠮ ᠢ ᠨᠠᠷᠢᠯᠢᠬᠵᠢᠭᠤᠯᠵᠤ᠂ ᠰᠦᠯᠵᠢᠶᠡᠨ ᠤ ᠬᠦᠴᠦᠷᠬᠡᠭᠯᠡᠯ ᠤᠨ | ᠮᠡᠳᠡᠭᠡ ᠵᠠᠩᠭᠢ ᠶᠢᠨ ᠣᠨᠴᠠᠯᠢᠭ ᠤᠨ ᠬᠥᠮᠥᠷᠭᠡ ᠪᠣᠯᠤᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠦᠯᠢᠭᠡᠷ ᠬᠡᠪ ᠢ ᠪᠠᠶᠢᠭᠤᠯᠤᠨ ᠲᠡᠭᠦᠯᠳᠡᠷᠵᠢᠭᠦᠯᠵᠦ᠂ ᠰᠦᠯᠵᠢᠶᠡᠨ ᠤ | ᠬᠦᠴᠦᠷᠬᠡᠭᠯᠡᠯ ᠤᠨ ᠮᠡᠳᠡᠭᠡ ᠵᠠᠩᠭᠢ ᠶᠢ ᠢᠯᠭᠠᠨ ᠲᠠᠨᠢᠬᠤ ᠬᠢᠨᠠᠨ ᠬᠡᠮᠵᠢᠯᠲᠡ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃ ᠬᠤᠶᠠᠷ ᠲᠤ᠂ ᠰᠦᠯᠵᠢᠶᠡᠨ ᠤ | ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠭᠴᠢ ᠶᠢ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ ᠤᠷᠢᠳᠴᠢᠯᠠᠨ ᠰᠡᠷᠡᠮᠵᠢᠯᠡᠭᠦᠯᠬᠦ ᠵᠠᠭᠪᠤᠷ ᠢ ᠪᠠᠶᠢᠭᠤᠯᠤᠨ | ᠪᠦᠷᠢᠨᠰᠢᠬᠦᠯᠵᠦ᠂ ᠬᠡᠷᠡᠭ ᠶᠠᠪᠤᠳᠠᠯ ᠤᠨ ᠲᠥᠷᠥᠯ ᠢᠯᠭᠠᠯ ᠢ ᠶᠡᠷᠦᠩᠬᠡᠶᠢᠯᠡᠨ᠂ ᠪᠡᠶᠡᠴᠢ ᠴᠣᠭᠴᠠ᠂ ᠣᠷᠣᠯᠴᠠᠭᠰᠠᠨ ᠬᠥᠮᠦᠨ ᠤ ᠲᠤᠭ᠎ᠠ᠂ ᠮᠡᠳᠡᠭᠡ ᠵᠠᠩᠭᠢ ᠶᠢᠨ | ᠠᠭᠤᠯᠭ᠎ᠠ᠂ ᠨᠡᠶᠢᠲᠡᠯᠡᠬᠦ ᠤᠳᠠᠭ᠎ᠠ᠂ ᠭᠤᠭᠴᠤᠭ᠎ᠠ ᠶᠢᠨ ᠦᠵᠡᠭᠳᠡᠯ᠂ ᠢᠯᠡᠴᠢᠯᠡᠨ ᠮᠡᠳᠡᠭᠦᠯᠵᠦ ᠵᠠᠭᠠᠯᠳᠤᠬᠤ ᠵᠡᠷᠭᠡ ᠬᠦᠴᠦᠨ ᠵᠦᠢᠯ ᠳᠤ ᠴᠢᠭᠯᠡᠭᠦᠯᠦᠨ᠂ | ᠤᠷᠢᠳᠴᠢᠯᠠᠨ ᠰᠡᠷᠡᠮᠵᠢᠯᠡᠭᠦᠯᠬᠦ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ ᠲᠦᠭᠰᠢᠭᠦᠷᠢ ᠶᠢ ᠴᠠᠭ ᠲᠤᠬᠠᠶ ᠳᠤ ᠨᠢ ᠢᠯᠡᠷᠡᠭᠦᠯᠬᠦ ᠬᠡᠷᠡᠭᠲᠡᠶ ᠭᠡᠵᠦ | ᠱᠠᠭᠠᠷᠳᠠᠪᠠ᠃ ᠭᠤᠷᠪᠠ ᠳᠤ᠂ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠭᠴᠢ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ | ᠲᠦᠭᠰᠢᠭᠦᠷᠢ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠨᠡᠶᠢᠭᠡᠮ ᠤᠨ ᠠᠩᠬᠠᠷᠤᠯ ᠳᠤ ᠴᠠᠭ ᠲᠤᠬᠠᠶ ᠳᠤ ᠨᠢ ᠬᠠᠷᠢᠭᠤ ᠥᠭᠴᠦ᠂ ᠬᠡᠷᠡᠭᠯᠡᠭᠴᠢᠳ ᠢ ᠬᠥᠲᠥᠯᠦᠨ | ᠵᠢᠯᠣᠭᠤᠳᠴᠤ ᠪᠠᠶᠢᠭᠠᠳ ᠪᠣᠯᠪᠠᠰᠤᠨ ᠢᠶᠠᠷ ᠬᠠᠷᠢᠯᠴᠠᠨ ᠦᠢᠯᠡᠳᠦᠯᠴᠡᠵᠦ᠂ ᠣᠶᠤᠨᠴᠢ ᠪᠠᠷ ᠢᠯᠡᠳᠬᠡᠬᠦ ᠶᠢᠨ ᠬᠠᠮᠲᠤ ᠬᠡᠪ ᠤᠨ ᠪᠤᠰᠤ ᠲᠠᠩᠰᠠᠨ ᠨᠣᠮᠧᠷ ᠲᠤ ᠦᠨᠡᠨ | ᠪᠡᠶ᠎ᠡ ᠬᠡᠮ ᠤᠨ ᠮᠡᠳᠡᠭᠡ ᠵᠠᠩᠭᠢ ᠶᠢ ᠬᠥᠳᠡᠯᠦᠩᠭᠦᠶ ᠪᠠᠷ ᠬᠠᠷᠭᠤᠭᠤᠯᠤᠨ ᠰᠢᠯᠭᠠᠬᠤ᠂ ᠰᠠᠨᠠᠭᠤᠯᠬᠤ᠂ ᠲᠣᠭᠲᠠᠭᠠᠯ ᠠᠴᠠ ᠵᠥᠷᠢᠴᠡᠭᠰᠡᠨ ᠢ ᠨᠢ ᠰᠡᠷᠡᠮᠵᠢᠯᠡᠭᠦᠯᠬᠦ᠂ | ᠰᠦᠯᠵᠢᠶᠡᠨ ᠳᠤ ᠭᠠᠷᠬᠤ ᠨᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠶᠢ ᠴᠠᠭ ᠲᠤᠬᠠᠶ ᠳᠤ ᠨᠢ ᠠᠪᠬᠤ ᠬᠡᠷᠡᠭᠲᠡᠶ︔ ᠬᠤᠯᠪᠣᠭᠳᠠᠯ ᠪᠥᠬᠦᠶ ᠮᠡᠳᠡᠭᠡ ᠵᠠᠩᠭᠢ ᠶᠢᠨ | ᠠᠭᠤᠯᠭ᠎ᠠ ᠶᠢ ᠬᠠᠶᠢᠨ ᠦᠵᠡᠬᠦ᠂ ᠡᠷᠢᠬᠦ᠂ ᠦᠨᠡᠯᠡᠬᠦ᠂ ᠢᠯᠡᠴᠢᠯᠡᠨ ᠮᠡᠳᠡᠭᠦᠯᠬᠦ ᠬᠡᠮᠵᠢᠶ᠎ᠡ ᠢᠯᠡᠳᠲᠡ ᠨᠡᠮᠡᠭᠳᠡᠭᠰᠡᠨ ᠵᠡᠷᠭᠡ ᠪᠠᠶᠢᠳᠠᠯ ᠢ ᠣᠯᠵᠤ ᠮᠡᠳᠡᠪᠡᠯ᠂ ᠪᠠᠰᠠ ᠴᠠᠭ | ᠲᠤᠬᠠᠶ ᠳᠤ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ ᠳᠥᠷᠪᠡ ᠳᠤ᠂ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡ | ᠬᠠᠩᠭᠠᠭᠴᠢ ᠬᠡᠷᠡᠭᠯᠡᠭᠴᠢ ᠶᠢᠨ ᠲᠠᠩᠰᠠᠨ ᠨᠣᠮᠧᠷ ᠤᠨ ᠢᠲᠡᠭᠡᠮᠵᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠦ᠂ ᠰᠦᠯᠵᠢᠶᠡᠨ ᠤ | ᠬᠦᠴᠦᠷᠬᠡᠭᠯᠡᠯ ᠤᠨ ᠮᠡᠳᠡᠭᠡ ᠵᠠᠩᠭᠢ ᠳᠤ ᠬᠤᠯᠪᠣᠭᠳᠠᠭᠰᠠᠨ ᠬᠠᠤᠯᠢ ᠲᠣᠭᠲᠠᠭᠠᠯ ᠢ ᠵᠥᠷᠢᠴᠡᠭᠰᠡᠨ ᠪᠠᠶᠢᠳᠠᠯ ᠢ ᠬᠡᠷᠡᠭᠯᠡᠭᠴᠢ ᠶᠢᠨ ᠢᠲᠡᠭᠡᠮᠵᠢ ᠶᠢᠨ ᠲᠡᠮᠳᠡᠭᠯᠡᠯ ᠳᠤ | ᠲᠡᠮᠳᠡᠭᠯᠡᠨ ᠣᠷᠣᠭᠤᠯᠵᠤ᠂ ᠬᠠᠤᠯᠢ ᠲᠤᠭᠳᠠᠭᠠᠯ ᠶᠣᠰᠣᠭᠠᠷ ᠲᠠᠩᠰᠠᠨ ᠨᠣᠮᠧᠷ ᠤᠨ ᠢᠲᠡᠭᠡᠮᠵᠢ ᠶᠢᠨ ᠲᠠᠰ ᠢ ᠪᠠᠭᠤᠷᠠᠭᠤᠯᠬᠤ ᠪᠤᠶᠤ ᠬᠠᠷ᠎ᠠ ᠲᠠᠩᠰᠠᠨ ᠳᠤ ᠵᠢᠭᠰᠠᠭᠠᠨ | ᠣᠷᠣᠭᠤᠯᠬᠤ ᠶᠢᠨ ᠬᠠᠮᠲᠤ ᠲᠠᠩᠰᠠᠨ ᠨᠣᠮᠧᠷ ᠤᠨ ᠴᠢᠳᠠᠮᠵᠢ ᠶᠢ ᠬᠢᠵᠠᠭᠠᠷᠯᠠᠬᠤ ᠪᠤᠶᠤ ᠬᠤᠯᠪᠣᠭᠳᠠᠯ ᠪᠥᠬᠦᠶ ᠦᠢᠯᠡᠴᠢᠯᠡᠭᠡ ᠬᠠᠩᠭᠠᠬᠤ ᠶᠢ ᠵᠣᠭᠰᠣᠭᠠᠬᠤ ᠬᠡᠷᠡᠭᠲᠡᠶ | ᠭᠡᠵᠦ ᠲᠣᠭᠲᠠᠭᠠᠵᠠᠶ᠃ | ᠲᠠᠪᠤ᠂ ᠠᠰᠠᠭᠤᠯᠲᠠ᠄ ︽ᠲᠣᠭᠲᠠᠭᠠᠯ︾ ᠳᠤ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢ ᠰᠢᠢᠳᠪᠦᠷᠢᠯᠡᠬᠦ ᠳᠤ ᠶᠠᠮᠠᠷ ᠶᠠᠮᠠᠷ ᠱᠠᠭᠠᠷᠳᠠᠯᠭ᠎ᠠ | ᠳᠤᠷᠠᠳᠤᠭᠰᠠᠨ ᠪᠣᠶ︖ | ᠬᠠᠷᠢᠭᠤᠯᠲᠠ᠄ ︽ᠲᠣᠭᠲᠠᠭᠠᠯ︾ ᠳᠤ ᠲᠣᠳᠣᠷᠬᠠᠶ ᠲᠣᠭᠲᠠᠭᠠᠭᠰᠠᠨ ᠨᠢ᠂ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠭᠴᠢ ᠰᠦᠯᠵᠢᠶᠡᠨ ᠤ | ᠬᠦᠴᠦᠷᠬᠡᠭᠯᠡᠯ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠮᠡᠳᠡᠭᠡ ᠵᠠᠩᠭᠢ ᠶᠢ ᠣᠯᠵᠤ ᠮᠡᠳᠡᠭᠰᠡᠨ᠂ ᠡᠰᠡᠬᠦᠯ᠎ᠡ ᠲᠡᠭᠦᠨ ᠤ ᠦᠢᠯᠡᠴᠢᠯᠡᠭᠡᠨ ᠤ ᠢᠯᠡ ᠭᠠᠵᠠᠷ᠂ | ᠬᠡᠷᠡᠭᠯᠡᠭᠴᠢᠳ ᠤᠨ ᠠᠩᠬᠠᠷᠤᠯ ᠢ ᠠᠮᠠᠷᠬᠠᠨ ᠲᠠᠲᠠᠳᠠᠭ ᠭᠤᠤᠯᠳᠠᠯᠭ᠎ᠠ ᠲᠠᠢ ᠭᠤᠭᠴᠤᠭ᠎ᠠ ᠳᠤ ᠰᠦᠯᠵᠢᠶᠡᠨ ᠤ ᠬᠦᠴᠦᠷᠬᠡᠭᠯᠡᠯ ᠳᠤ ᠬᠤᠯᠪᠣᠭᠳᠠᠭᠰᠠᠨ ᠡᠷᠡᠭᠦᠯ ᠪᠤᠰᠤ | ᠮᠡᠳᠡᠭᠡ ᠵᠠᠩᠭᠢ ᠶᠢ ᠣᠯᠵᠤ ᠮᠡᠳᠡᠭᠰᠡᠨ ᠪᠠᠶᠢᠪᠠᠯ᠂ ᠲᠡᠷᠡ ᠳᠠᠷᠤᠶ ᠳᠤ ᠨᠢ ᠳᠠᠮᠵᠢᠭᠤᠯᠬᠤ ᠪᠠᠨ ᠵᠣᠭᠰᠣᠵᠤ᠂ ᠪᠠᠯᠠᠯᠤᠨ ᠠᠷᠢᠯᠭᠠᠬᠤ᠂ ᠬᠠᠯᠬᠠᠯᠠᠬᠤ᠂ ᠴᠥᠷᠬᠡᠯᠡᠭᠡ ᠶᠢ | ᠲᠠᠰᠤᠯᠬᠤ ᠵᠡᠷᠭᠡ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠬᠤᠯᠪᠣᠭᠳᠠᠯ ᠪᠥᠬᠦᠶ ᠲᠡᠮᠳᠡᠭᠯᠡᠯ ᠢ ᠬᠠᠳᠠᠭᠠᠯᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ | ᠮᠡᠳᠡᠭᠦᠯᠬᠦ ᠬᠡᠷᠡᠭᠲᠡᠶ᠃ ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠢ ᠳᠤ ᠨᠢ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠳᠤ ᠬᠡᠷᠡᠭ ᠮᠡᠳᠡᠭᠦᠯᠬᠦ ᠶᠢᠨ ᠬᠠᠮᠲᠤ ᠬᠤᠯᠪᠣᠭᠳᠠᠯ ᠪᠦᠬᠦᠢ ᠰᠦᠪᠡᠭᠴᠢ ᠶᠢ ᠬᠠᠩᠭᠠᠵᠤ᠂ ᠲᠤᠷᠰᠢᠨ ᠪᠠᠶᠢᠴᠠᠭᠠᠬᠤ᠂ ᠪᠠᠶᠢᠴᠠᠭᠠᠬᠤ ᠪᠠ ᠰᠢᠢᠳᠪᠦᠷᠢᠯᠡᠬᠦ | ᠵᠡᠷᠭᠡ ᠠᠵᠢᠯ ᠢ ᠬᠠᠤᠯᠢ ᠶᠣᠰᠣᠭᠠᠷ ᠬᠠᠮᠵᠢᠯᠴᠠᠨ ᠥᠷᠨᠢᠭᠦᠯᠬᠦ ᠬᠡᠷᠡᠭᠲᠡᠢ᠃ | ᠵᠢᠷᠭᠤᠭ᠎ᠠ᠂ ᠠᠰᠠᠭᠤᠯᠲᠠ᠄ ︽ᠲᠣᠭᠲᠠᠭᠠᠯ︾ ᠳᠤ ᠢᠨᠲ᠋ᠧᠷ ᠰᠦᠯᠵᠢᠶᠡᠨ ᠤ ᠰᠣᠨᠢᠨ ᠮᠡᠳᠡᠭᠡ ᠰᠤᠷᠠᠭ ᠵᠠᠩᠭᠢ ᠶᠢᠨ ᠦᠢᠯᠡᠴᠢᠯᠡᠭᠡ ᠬᠠᠩᠭᠠᠭᠴᠢ ᠳᠤ ᠶᠠᠮᠠᠷ | ᠶᠠᠮᠠᠷ ᠱᠠᠭᠠᠷᠳᠠᠯᠭ᠎ᠠ ᠳᠤᠷᠠᠳᠤᠭᠰᠠᠨ ᠪᠤᠢ︖ | ᠬᠠᠷᠢᠭᠤᠯᠲᠠ᠄ ︽ᠲᠣᠭᠲᠠᠭᠠᠯ︾ ᠳᠤ᠂ ᠢᠨᠲ᠋ᠧᠷ ᠰᠦᠯᠵᠢᠶᠡᠨ ᠤ ᠰᠣᠨᠢᠨ ᠮᠡᠳᠡᠭᠡ ᠰᠤᠷᠠᠭ ᠵᠠᠩᠭᠢ ᠶᠢᠨ ᠦᠢᠯᠡᠴᠢᠯᠡᠭᠡ ᠬᠠᠩᠭᠠᠭᠴᠢ ᠤᠯᠤᠰ ᠲᠥᠷᠥ ᠶᠢᠨ | ᠵᠥᠪ ᠴᠢᠭᠯᠡᠯ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ ᠥᠷᠲᠡᠭ ᠤᠨ ᠬᠠᠨᠳᠤᠰᠢ ᠶᠢ ᠪᠠᠷᠢᠮᠲᠠᠯᠠᠵᠤ᠂ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ | ᠵᠠᠰᠠᠯᠲᠠ ᠶᠢᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ ᠭᠡᠵᠦ ᠲᠣᠳᠣᠷᠬᠠᠶᠢᠯᠠᠪᠠ᠃ ᠢᠨᠲ᠋ᠧᠷ ᠰᠦᠯᠵᠢᠶᠡᠨ ᠤ ᠰᠣᠨᠢᠨ ᠮᠡᠳᠡᠭᠡ | ᠰᠤᠷᠠᠭ ᠵᠠᠩᠭᠢ ᠶᠢᠨ ᠦᠢᠯᠡᠴᠢᠯᠡᠭᠡᠨ ᠬᠠᠩᠭᠠᠭᠴᠢᠳ ᠪᠣᠳᠠᠲᠤ ᠬᠡᠷᠡᠭ ᠢ ᠶᠡᠬᠡᠰᠬᠡᠬᠦ᠂ ᠬᠡᠲᠦᠷᠬᠡᠶ ᠥᠰᠬᠡᠬᠦ᠂ ᠥᠷᠥᠭᠡᠰᠦᠭᠡᠯ ᠢᠶᠠᠷ ᠮᠡᠳᠡᠭᠡᠯᠡᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠢᠨᠲ᠋ᠧᠷ ᠰᠦᠯᠵᠢᠶᠡᠨ ᠳᠤ ᠬᠤᠯᠪᠣᠭᠳᠠᠬᠤ ᠬᠦᠴᠦᠷᠬᠡᠭᠯᠡᠯ ᠤᠨ ᠰᠣᠨᠢᠨ ᠮᠡᠳᠡᠭᠡᠨ ᠤ ᠮᠡᠳᠡᠭᠡ ᠵᠠᠩᠭᠢ ᠶᠢ ᠰᠤᠷᠪᠤᠯᠵᠢᠯᠠᠨ ᠨᠠᠶᠢᠷᠠᠭᠤᠯᠵᠤ᠂ | ᠰᠢᠯᠵᠢᠭᠦᠯᠦᠨ ᠨᠡᠶᠢᠲᠡᠯᠡᠵᠦ ᠪᠣᠯᠬᠤ ᠦᠭᠡᠶ᠃ ᠢᠨᠲ᠋ᠧᠷ ᠰᠦᠯᠵᠢᠶᠡᠨ ᠤ ᠰᠣᠨᠢᠨ ᠮᠡᠳᠡᠭᠡ ᠰᠤᠷᠠᠭ ᠵᠠᠩᠭᠢ ᠳᠤ ᠪᠢᠴᠢᠭᠦᠯᠦᠨ ᠰᠢᠭᠦᠮᠵᠢᠯᠡᠬᠦ ᠦᠢᠯᠡᠴᠢᠯᠡᠭᠡᠨ ᠬᠠᠩᠭᠠᠪᠠᠯ᠂ | ᠤᠷᠢᠳᠠᠪᠠᠷ ᠬᠢᠨᠠᠵᠤ ᠳᠠᠷᠠᠭ᠎ᠠ ᠨᠢ ᠣᠯᠭᠤᠬᠤ ᠶᠢ ᠬᠡᠷᠡᠭᠵᠢᠭᠦᠯᠬᠦ ᠬᠡᠷᠡᠭᠲᠡᠶ᠃ ᠢᠨᠲ᠋ᠧᠷ ᠰᠦᠯᠵᠢᠶ᠎ᠡ ᠶᠢᠨ ᠰᠣᠨᠢᠨ ᠮᠡᠳᠡᠭᠡ ᠰᠤᠷᠠᠭ ᠵᠠᠩᠭᠢ ᠶᠢᠨ ᠦᠢᠯᠡᠴᠢᠯᠡᠭᠡ | ᠬᠠᠩᠭᠠᠭᠴᠢ ᠲᠣᠤᠷ ᠰᠦᠯᠵᠢᠶᠡᠨ ᠳᠤ ᠬᠤᠯᠪᠣᠭᠳᠠᠬᠤ ᠬᠦᠴᠦᠷᠬᠡᠭᠯᠡᠯ ᠤᠨ ᠰᠣᠨᠢᠨ ᠮᠡᠳᠡᠭᠡᠨ ᠰᠤᠷᠠᠭ ᠵᠠᠩᠭᠢ ᠶᠢ ᠰᠤᠷᠪᠤᠯᠵᠢᠯᠠᠨ ᠨᠠᠶᠢᠷᠠᠭᠤᠯᠵᠤ᠂ ᠰᠢᠯᠵᠢᠭᠦᠯᠦᠨ | ᠨᠡᠶᠢᠲᠡᠯᠡᠭᠰᠡᠨ ᠨᠢ ᠦᠨᠡᠨ ᠪᠣᠳᠠᠲᠠᠶ ᠪᠤᠰᠤ ᠪᠤᠶᠤ ᠭᠤᠤᠯᠴᠢ ᠪᠤᠰᠤ ᠪᠠᠶᠢᠪᠠᠯ᠂ ᠳᠠᠷᠤᠶ ᠲᠦᠷᠭᠡᠨ ᠢᠯᠡ ᠪᠠᠷ ᠵᠠᠯᠠᠷᠠᠭᠤᠯᠵᠤ᠂ ᠨᠥᠯᠥᠭᠡ ᠶᠢ ᠨᠢ ᠠᠷᠢᠯᠭᠠᠬᠤ ᠬᠡᠷᠡᠭᠲᠡᠶ᠃ | ᠳᠣᠯᠤᠭ᠎ᠠ᠂ ᠠᠰᠠᠭᠤᠯᠲᠠ᠄ ᠣᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠬᠡᠷᠡᠭᠯᠡᠭᠴᠢ ᠶᠢᠨ ᠡᠷᠬᠡ ᠠᠰᠢᠭ ᠢ ᠬᠠᠮᠠᠭᠠᠯᠠᠬᠤ ᠠᠰᠠᠭᠤᠳᠠᠯ ᠳᠤ ᠴᠢᠭᠯᠡᠭᠦᠯᠦᠨ᠂ | ︽ᠲᠣᠭᠲᠠᠭᠠᠯ︾ ᠳᠤ ᠶᠠᠮᠠᠷ ᠶᠠᠮᠠᠷ ᠱᠠᠭᠠᠷᠳᠠᠯᠭ᠎ᠠ ᠶᠢ ᠲᠣᠳᠣᠷᠬᠠᠶ ᠲᠣᠭᠲᠠᠭᠠᠭᠰᠠᠨ ᠪᠣᠶ︖ | ᠬᠠᠷᠢᠭᠤᠯᠲᠠ᠄ ︽ᠲᠣᠭᠲᠠᠭᠠᠯ︾ ᠳᠤ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ ᠵᠠᠰᠠᠯᠲᠠ ᠳᠤᠮᠳᠠᠬᠢ ᠬᠡᠷᠡᠭᠯᠡᠭᠴᠢ ᠶᠢᠨ ᠡᠷᠬᠡ ᠠᠰᠢᠭ ᠢ | ᠬᠠᠮᠠᠭᠠᠯᠠᠬᠤ ᠱᠠᠭᠠᠷᠳᠠᠯᠭ᠎ᠠ ᠶᠢ ᠲᠣᠳᠣᠷᠬᠠᠶ ᠲᠣᠭᠲᠠᠭᠠᠵᠠᠶ᠃ ᠨᠢᠭᠡ ᠳᠤ᠂ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢ ᠰᠡᠷᠭᠡᠶᠢᠯᠡᠨ ᠬᠠᠮᠠᠭᠠᠯᠠᠬᠤ | ᠴᠢᠳᠠᠮᠵᠢ ᠶᠢ ᠪᠠᠶᠢᠭᠤᠯᠤᠨ ᠳᠡᠭᠦᠯᠳᠡᠷᠵᠢᠭᠦᠯᠪᠡ᠃ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠭᠴᠢ ᠶᠢ ᠬᠡᠷᠡᠭᠯᠡᠭᠴᠢ ᠳᠤ ᠲᠥᠬᠦᠮ ᠦᠵᠡᠭᠦᠯᠵᠦ ᠲᠠᠨᠢᠯ | ᠪᠤᠰᠤ ᠬᠡᠷᠡᠭᠯᠡᠭᠴᠢ ᠪᠤᠶᠤ ᠣᠨᠴᠠ ᠲᠣᠭᠲᠠᠭᠰᠠᠨ ᠬᠡᠷᠡᠭᠯᠡᠭᠴᠢ ᠶᠢ ᠬᠠᠯᠬᠠᠯᠠᠬᠤ᠂ ᠲᠣᠰ ᠬᠥᠮᠦᠨ ᠤ ᠨᠡᠶᠢᠲᠡᠯᠡᠭᠰᠡᠨ ᠮᠡᠳᠡᠭᠡ ᠵᠠᠩᠭᠢ ᠶᠢᠨ ᠦᠵᠡᠭᠳᠡᠬᠦ ᠬᠡᠪᠴᠢᠶ᠎ᠡ ᠶᠢ | ᠲᠣᠬᠢᠷᠠᠭᠤᠯᠬᠤ᠂ ᠲᠣᠰ ᠬᠥᠮᠦᠨ ᠤ ᠨᠡᠶᠢᠲᠡᠯᠡᠭᠰᠡᠨ ᠮᠡᠳᠡᠭᠡ ᠵᠠᠩᠭᠢ ᠵᠡᠷᠭᠡ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ ᠬᠠᠮᠠᠭᠠᠯᠠᠯᠲᠠ ᠶᠢᠨ | ᠰᠣᠩᠭᠤᠯᠲᠠ ᠶᠢ ᠰᠢᠯᠵᠢᠭᠦᠯᠦᠨ ᠨᠡᠶᠢᠲᠡᠯᠡᠬᠦ ᠪᠤᠶᠤ ᠰᠢᠭᠦᠮᠵᠢᠯᠡᠬᠦ ᠶᠢ ᠴᠠᠭᠠᠵᠠᠯᠠᠬᠤ ᠶᠢ ᠱᠠᠭᠠᠷᠳᠠᠪᠠ᠃ ᠬᠤᠶᠠᠷ ᠲᠤ᠂ ᠳᠠᠩ ᠤᠲᠠᠰᠤ ᠪᠠᠷ ᠬᠠᠷᠢᠴᠠᠬᠤ ᠲᠦᠷᠢᠮ ᠢ | ᠳᠡᠭᠦᠯᠳᠡᠷᠵᠢᠭᠦᠯᠪᠡ᠃ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠭᠴᠢ ᠶᠢ ᠰᠠᠶᠢᠨ ᠨᠠᠶᠢᠵᠠ ᠶᠢᠨ ᠳᠠᠩ ᠤᠲᠠᠰᠤ ᠶᠢᠨ ᠵᠠᠬᠢᠳᠠᠯ ᠢ ᠯᠠ ᠭᠥᠯᠢᠶᠡᠨ | ᠠᠪᠬᠤ ᠪᠤᠶᠤ ᠪᠣᠶ ᠪᠥᠬᠦᠶ ᠳᠠᠩ ᠤᠲᠠᠰᠤ ᠶᠢᠨ ᠵᠠᠬᠢᠳᠠᠯ ᠢ ᠭᠥᠯᠢᠶᠡᠨ ᠠᠪᠬᠤ ᠶᠢ ᠲᠡᠪᠴᠢᠬᠦ ᠵᠡᠷᠭᠡ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ | ᠬᠠᠮᠠᠭᠠᠯᠠᠯᠲᠠ ᠶᠢᠨ ᠰᠣᠩᠭᠤᠯᠲᠠ ᠶᠢ ᠲᠥᠬᠦᠮ ᠦᠵᠡᠭᠦᠯᠵᠦ᠂ ᠳᠠᠩ ᠤᠲᠠᠰᠤ ᠶᠢᠨ ᠵᠠᠬᠢᠳᠠᠯ ᠢ ᠣᠶᠤᠨᠴᠢ ᠪᠠᠷ ᠬᠠᠯᠬᠠᠯᠠᠬᠤ ᠪᠤᠶᠤ ᠳᠠᠩ ᠤᠲᠠᠰᠤ ᠶᠢᠨ ᠵᠠᠬᠢᠳᠠᠯ ᠤᠨ | ᠬᠠᠯᠬᠠᠯᠠᠬᠤ ᠦᠭᠡ ᠶᠢ ᠥᠪᠡᠰᠦᠪᠡᠨ ᠲᠣᠳᠣᠷᠬᠠᠶᠢᠯᠠᠬᠤ ᠵᠡᠷᠭᠡ ᠴᠢᠳᠠᠮᠵᠢ ᠬᠠᠩᠭᠠᠬᠤ ᠶᠢ ᠵᠣᠷᠢᠭᠵᠢᠭᠤᠯᠬᠤ ᠬᠡᠷᠡᠭᠲᠡᠶ ᠭᠡᠵᠦ ᠱᠠᠭᠠᠷᠳᠠᠪᠠ᠃ ᠭᠤᠷᠪᠠ ᠳᠤ᠂ ᠰᠡᠷᠭᠡᠶᠢᠯᠡᠨ | ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠶᠢ ᠬᠡᠷᠡᠭᠯᠡᠭᠴᠢᠳ ᠲᠤ ᠮᠡᠳᠡᠭᠳᠡᠪᠡ᠃ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠭᠴᠢ ᠨᠢ ᠬᠡᠷᠡᠭᠯᠡᠭᠴᠢ ᠶᠢᠨ | ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ ᠠᠶᠤᠯ ᠲᠦᠭᠰᠢᠭᠦᠷᠢ ᠳᠤ ᠲᠤᠯᠭᠠᠷᠠᠵᠤ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠶ ᠳᠤ ᠨᠢ ᠢᠯᠡᠷᠬᠡᠶ | ᠠᠷᠭ᠎ᠠ ᠮᠠᠶ᠋ᠢᠭ ᠢᠶᠠᠷ ᠬᠡᠷᠡᠭᠯᠡᠭᠴᠢ ᠳᠤ ᠰᠠᠨᠠᠭᠤᠯᠵᠤ᠂ ᠬᠡᠷᠡᠭᠯᠡᠭᠴᠢ ᠳᠤ ᠠᠪᠴᠤ ᠪᠣᠯᠬᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠮᠡᠳᠡᠭᠳᠡᠬᠦ ᠬᠡᠷᠡᠭᠲᠡᠶ ᠭᠡᠳᠡᠭ ᠢ | ᠲᠣᠳᠣᠷᠬᠠᠶ ᠲᠣᠭᠲᠠᠭᠠᠪᠠ᠃ ᠲᠦᠷᠪᠡ ᠳᠤ᠂ ᠭᠡᠷᠡᠴᠢ ᠪᠠᠷᠢᠮᠲᠠ ᠶᠢ ᠴᠠᠭ ᠲᠤᠬᠠᠶ ᠳᠤ ᠨᠢ ᠬᠠᠳᠠᠭᠠᠯᠠᠬᠤ ᠬᠡᠷᠡᠭᠲᠡᠶ᠃ ᠰᠦᠯᠵᠢᠶᠡᠨ ᠤ ᠮᠡᠳᠡᠭᠡ ᠵᠠᠩᠭᠢ ᠶᠢᠨ | ᠦᠢᠯᠡᠴᠢᠯᠡᠭᠡ ᠬᠠᠩᠭᠠᠭᠴᠢ ᠨᠢ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢ ᠢᠯᠡᠷᠡᠭᠦᠯᠵᠦ ᠰᠢᠢᠳᠪᠦᠷᠢᠯᠡᠭᠰᠡᠨ ᠪᠠᠶᠢᠪᠠᠯ᠂ ᠮᠡᠳᠡᠭᠡ ᠵᠠᠩᠭᠢ ᠶᠢᠨ ᠠᠭᠤᠯᠭ᠎ᠠ᠂ | ᠰᠢᠭᠦᠮᠵᠢ ᠶᠢ ᠳᠠᠮᠵᠢᠭᠤᠯᠤᠨ ᠲᠠᠷᠬᠠᠭᠠᠭᠰᠠᠨ ᠲᠤᠭ᠎ᠠ ᠬᠡᠮᠵᠢᠶ᠎ᠡ ᠵᠡᠷᠭᠡ ᠲᠤᠭ᠎ᠠ ᠪᠠᠷᠢᠮᠲᠠ ᠶᠢ ᠶᠢ ᠴᠠᠭ ᠲᠤᠬᠠᠶ ᠳᠤ ᠨᠢ ᠬᠠᠳᠠᠭᠠᠯᠠᠬᠤ ᠬᠡᠷᠡᠭᠲᠡᠶ︔ ᠬᠡᠷᠡᠭᠯᠡᠭᠴᠢᠳ ᠲᠤ | ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ ᠲᠦᠷᠭᠡᠨ ᠬᠡᠷᠡᠴᠢ ᠠᠪᠬᠤ ᠵᠡᠷᠭᠡ ᠴᠢᠳᠠᠮᠵᠢ ᠶᠢ ᠬᠠᠩᠭᠠᠵᠤ᠂ ᠬᠠᠤᠯᠢ ᠲᠤᠭᠳᠠᠭᠠᠯ ᠶᠣᠰᠣᠭᠠᠷ | ᠬᠡᠷᠡᠭᠯᠡᠭᠴᠢᠳ ᠤᠨ ᠡᠷᠬᠡ ᠪᠠᠨ ᠬᠠᠮᠠᠭᠠᠯᠠᠬᠤ ᠳᠤ ᠲᠦᠬᠦᠮ ᠦᠵᠡᠭᠦᠯᠬᠦ ᠬᠡᠷᠡᠭᠲᠡᠶ᠃ ᠲᠠᠪᠤ ᠳᠤ᠂ ᠵᠠᠭᠠᠯᠳᠤᠯᠭ᠎ᠠ᠂ ᠢᠯᠡᠴᠢᠯᠡᠯᠲᠡ ᠶᠢ ᠴᠠᠭ ᠲᠤᠬᠠᠶ ᠳᠤ ᠨᠢ ᠬᠦᠯᠢᠶᠡᠨ | ᠠᠪᠴᠤ ᠰᠢᠢᠳᠪᠦᠷᠢᠯᠡᠪᠡ᠃ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠭᠴᠢ ᠶᠢ ᠦᠢᠯᠡᠴᠢᠯᠡᠭᠡᠨ ᠤ ᠢᠯᠡᠷᠬᠡᠶ ᠪᠠᠶᠢᠷᠢᠨ ᠳᠤ ᠰᠦᠯᠵᠢᠶᠡᠨ ᠤ | ᠬᠦᠴᠦᠷᠬᠡᠭᠯᠡᠯ ᠤᠨ ᠮᠡᠳᠡᠭᠡ ᠵᠠᠩᠭᠢ ᠶᠢᠨ ᠲᠦᠷᠭᠡᠨ ᠵᠠᠭᠠᠯᠳᠤᠬᠤ᠂ ᠢᠯᠡᠴᠢᠯᠡᠨ ᠮᠡᠳᠡᠭᠦᠯᠬᠦ ᠲᠤᠰᠬᠠᠶ ᠴᠣᠩᠬᠤᠪᠴᠢ ᠭᠠᠷᠭᠠᠵᠤ᠂ ᠰᠢᠶᠳᠪᠦᠷᠢᠯᠡᠬᠦ ᠶᠠᠪᠤᠴᠠ ᠶᠢ | ᠨᠡᠶᠢᠲᠡᠯᠡᠨ᠂ ᠣᠯᠠᠨ ᠨᠡᠶᠢᠲᠡ ᠶᠢᠨ ᠵᠠᠭᠠᠯᠳᠤᠬᠤ᠂ ᠢᠯᠡᠴᠢᠯᠡᠨ ᠮᠡᠳᠡᠭᠦᠯᠬᠦ ᠶᠢ ᠴᠠᠭ ᠲᠤᠬᠠᠶ ᠳᠤ ᠨᠢ ᠭᠥᠯᠢᠶᠡᠨ ᠠᠪᠴᠤ ᠰᠢᠶᠳᠪᠦᠷᠢᠯᠡᠬᠦ ᠶᠢᠨ ᠬᠠᠮᠲᠤ | ᠰᠢᠶᠳᠪᠦᠷᠢᠯᠡᠭᠰᠡᠨ ᠦᠷ᠎ᠡ ᠳ᠋ᠦᠩ ᠢ ᠬᠠᠷᠢᠭᠤ ᠲᠤᠰᠬᠠᠬᠤ ᠬᠡᠷᠡᠭᠲᠡᠶ︔ ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠳᠤ | ᠬᠤᠯᠪᠣᠭᠳᠠᠭᠰᠠᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠶᠢ ᠡᠩ ᠲᠡᠷᠢᠭᠦᠨ ᠳᠤ ᠰᠢᠢᠳᠪᠦᠷᠢᠯᠡᠵᠦ᠂ ᠨᠠᠰᠤᠨ ᠳᠤ ᠥᠯᠥ ᠭᠦᠷᠦᠭᠰᠡᠳ ᠤᠨ ᠬᠡᠷᠡᠭᠯᠡᠭᠴᠢᠳ ᠤᠨ | ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ ᠲᠦᠭᠰᠢᠭᠦᠷᠢ ᠶᠢ ᠣᠯᠵᠤ ᠮᠡᠳᠡᠪᠡᠯ᠂ ᠬᠠᠤᠯᠢ ᠴᠠᠭᠠᠵᠠ | ᠬᠠᠤᠯᠢ ᠲᠣᠭᠲᠠᠭᠠᠯ ᠪᠠ ᠲᠣᠰ ᠲᠣᠭᠲᠠᠭᠠᠯ ᠤᠨ ᠱᠠᠭᠠᠷᠳᠠᠯᠭ᠎ᠠ ᠶᠣᠰᠣᠭᠠᠷ ᠴᠠᠭ ᠲᠤᠬᠠᠶ ᠳᠤ ᠨᠢ ᠠᠷᠭ᠎ᠠ ᠬᠡᠮᠵᠢᠶ᠎ᠡ ᠠᠪᠴᠤ᠂ ᠵᠣᠬᠢᠴᠠᠩᠭᠤᠶ ᠬᠠᠮᠠᠭᠠᠯᠠᠵᠤ ᠠᠪᠤᠷᠠᠨ | ᠲᠤᠰᠠᠯᠠᠬᠤ ᠦᠶᠯᠡᠴᠢᠯᠡᠭᠡ ᠬᠠᠩᠭᠠᠬᠤ ᠶᠢᠨ ᠬᠠᠮᠲᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ | ᠨᠠᠢᠮᠠ᠂ ᠠᠰᠠᠭᠤᠯᠲᠠ᠄ ︽ᠲᠣᠭᠲᠠᠭᠠᠯ︾ ᠳᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢᠨ ᠲᠤᠬᠠᠶ ᠶᠠᠮᠠᠷ ᠶᠠᠮᠠᠷ | ᠲᠣᠭᠲᠠᠭᠠᠯ ᠭᠠᠷᠭᠠᠭᠰᠠᠨ ᠪᠤᠢ︖ | ᠬᠠᠷᠢᠭᠤᠯᠲᠠ᠄ ︽ᠲᠣᠭᠲᠠᠭᠠᠯ︾ ᠳᠤ ᠲᠣᠳᠣᠷᠬᠠᠶ ᠲᠣᠭᠲᠠᠭᠠᠭᠰᠠᠨ ᠨᠢ᠂ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ ᠨᠢ ᠳᠣᠲᠣᠭᠠᠳᠤ ᠶᠢ | ᠬᠠᠮᠠᠭᠠᠯᠠᠬᠤ᠂ ᠰᠣᠶᠣᠯ ᠪᠠ ᠵᠢᠭᠤᠯᠴᠢᠯᠠᠯ᠂ ᠷᠠᠳᠢᠣ᠋ ᠲᠧᠯᠸᠢᠰ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠰᠦᠯᠵᠢᠶᠡᠨ ᠤ ᠮᠡᠳᠡᠭᠡ ᠵᠠᠩᠭᠢ ᠶᠢᠨ | ᠦᠢᠯᠡᠴᠢᠯᠡᠭᠡ ᠬᠠᠩᠭᠠᠭᠴᠢ ᠶᠢᠨ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ ᠵᠠᠰᠠᠯᠲᠠ ᠶᠢᠨ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠪᠠᠶᠢᠴᠠᠭᠠᠯᠲᠠ | ᠬᠢᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠵᠥᠪᠳᠡᠯᠴᠡᠨ ᠮᠡᠳᠡᠭᠳᠡᠬᠦ᠂ ᠭᠡᠷᠡᠴᠢ ᠠᠪᠴᠤ ᠭᠡᠷᠡᠴᠢ ᠰᠢᠯᠵᠢᠭᠦᠯᠬᠦ᠂ ᠬᠡᠷᠡᠭ ᠢ ᠰᠢᠪᠠᠳᠠᠨ ᠰᠢᠢᠳᠪᠦᠷᠢᠯᠡᠭᠦᠯᠬᠦ | ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢ ᠬᠠᠮᠵᠢᠯᠴᠠᠨ ᠵᠠᠰᠠᠨ᠎ᠠ᠃ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠠᠴᠠ ᠰᠦᠯᠵᠢᠶᠡᠨ ᠤ ᠮᠡᠳᠡᠭᠡ ᠵᠠᠩᠭᠢ᠂ ᠰᠣᠶᠣᠯ ᠪᠠ ᠵᠢᠭᠤᠯᠴᠢᠯᠠᠯ᠂ ᠷᠠᠳᠢᠣ᠋ ᠲᠧᠯᠸᠢᠰ ᠵᠡᠷᠭᠡ ᠰᠠᠯᠠᠭ᠎ᠠ ᠮᠥᠴᠢᠷ ᠤᠨ ᠰᠢᠯᠵᠢᠭᠦᠯᠦᠨ | ᠬᠦᠷᠭᠡᠭᠰᠡᠨ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠳᠤ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠴᠠᠭ | ᠲᠤᠬᠠᠶ ᠳᠤ ᠨᠢ ᠬᠢᠨᠠᠨ ᠪᠠᠶᠢᠴᠠᠭᠠᠬᠤ ᠶᠢᠨ ᠬᠠᠮᠲᠤ ᠬᠡᠷᠡᠭ ᠪᠣᠯᠭᠠᠨ ᠳᠠᠩᠰᠠᠯᠠᠬᠤ ᠨᠥᠬᠦᠴᠡᠯ ᠳᠤ ᠨᠡᠶᠢᠴᠡᠭᠰᠡᠨ ᠢ ᠨᠢ ᠴᠠᠭ ᠲᠤᠬᠠᠶ ᠳᠤ ᠨᠢ ᠬᠡᠷᠡᠭ ᠪᠣᠯᠭᠠᠨ | ᠲᠠᠩᠰᠠᠯᠠᠵᠤ ᠲᠤᠷᠰᠢᠨ ᠪᠠᠶᠢᠴᠠᠭᠠᠵᠤ᠂ ᠪᠠᠶᠢᠴᠠᠭᠠᠬᠤ ᠬᠡᠷᠡᠭᠲᠡᠶ᠃ |