ᠣᠶᠢᠷ᠎ᠠ ᠳᠤ᠂ ᠤᠯᠠᠭᠠᠨᠴᠠᠪ ᠬᠤᠲᠠ ᠶᠢᠨ ᠵᠦᠸᠧᠽᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠤ ᠶᠢᠨ ᠴᠠᠭᠳᠠᠭ᠎ᠠ ᠶᠢᠨ ᠶᠡᠭᠡ ᠠᠩᠭᠢ | ᠬᠠᠷᠢᠶᠠᠲᠤ ᠣᠷᠣᠨ ᠤ ᠨᠢᠭᠡᠨ ᠬᠥᠮᠥᠨ ᠤ ᠬᠡᠷ ᠲᠠᠬᠢ 3 ᠲᠦᠮᠡ ᠭᠠᠷᠤᠶ ᠲᠥᠭᠦᠷᠢᠭ ᠤᠨ ᠥᠷᠲᠡᠭ ᠪᠥᠬᠦᠶ ᠡᠳ᠋ ᠪᠣᠳᠠᠰ ᠨᠢ ᠬᠤᠯᠠᠭᠠᠶᠢᠯᠠᠭᠳᠠᠪᠠ ᠭᠡᠰᠡᠨ ᠬᠡᠷᠡᠭ ᠤᠨ | ᠮᠡᠳᠡᠭᠦᠯᠦᠯᠲᠡ ᠶᠢ ᠲᠤᠰᠪᠠ᠃ | ᠬᠡᠷᠡᠭ ᠰᠢᠢᠳᠪᠦᠷᠢᠯᠡᠬᠦ ᠠᠷᠠᠳ ᠤᠨ ᠴᠠᠭᠳᠠᠭ᠎ᠠ ᠲᠤᠬᠠᠶ ᠶᠢᠨ ᠲᠠᠯᠠᠪᠤᠷ ᠲᠤ ᠬᠦᠷᠴᠦ ᠬᠠᠶᠢᠨ ᠪᠠᠶᠢᠴᠠᠭᠠᠵᠤ ᠭᠡᠷᠡᠴᠢ ᠠᠪᠬᠤ᠂ ᠮᠥᠷᠳᠡᠨ ᠪᠠᠶᠢᠴᠠᠭᠠᠵᠤ | ᠰᠤᠷᠪᠤᠯᠵᠢᠯᠠᠬᠤ ᠪᠠ ᠲᠤᠷᠰᠢᠨ ᠪᠠᠶᠢᠴᠠᠭᠠᠬᠤ ᠠᠵᠢᠯ ᠢ ᠦᠳᠲᠡᠷ ᠲᠦᠷᠭᠡᠨ ᠥᠷᠨᠢᠭᠦᠯᠵᠦ᠂ ᠬᠡᠷᠡᠭ ᠦᠢᠯᠡᠳᠦᠭᠰᠡᠨ ᠰᠡᠵᠢᠭᠲᠡᠢ ᠰᠢᠶᠧ ᠣᠪᠣᠭᠲᠤ ᠶᠢ ᠮᠠᠰᠢ | ᠲᠦᠷᠭᠡᠨ ᠢᠶᠠᠷ ᠪᠠᠶᠢᠴᠠᠭᠠᠨ ᠳᠣᠲᠣᠯᠠᠭᠰᠠᠨ ᠪᠥᠭᠡᠳ 2024 ᠣᠨ ᠤ 5 ᠰᠠᠷ᠎ᠠ ᠶᠢᠨ 11 ᠤ ᠡᠳᠦᠷ ᠲᠡᠭᠦᠨ ᠢ ᠪᠠᠷᠢᠪᠴᠢᠯᠠᠭᠠᠳ᠂ ᠪᠤᠵᠠᠷ ᠡᠳ᠋ ᠢ ᠨᠢ | ᠪᠦᠬᠦᠨ ᠢᠶᠠᠷ ᠨᠢ ᠬᠤᠷᠢᠶᠠᠮᠵᠢᠯᠠᠪᠠ᠃ ᠰᠢᠭᠦᠨ ᠠᠰᠠᠭᠤᠬᠤ ᠪᠠᠷ ᠳᠠᠮᠵᠢᠭᠠᠳ ᠰᠢᠶᠧ ᠣᠪᠣᠭᠲᠤ ᠪᠤᠰᠤᠳ ᠤᠨ ᠭᠡᠷ ᠲᠤ ᠣᠷᠣᠵᠤ ᠬᠤᠯᠠᠭᠠᠶᠢᠯᠠᠭᠰᠠᠨ ᠶᠠᠯ᠎ᠠ ᠶᠢᠨ | ᠪᠣᠳᠠᠲᠤ ᠬᠡᠷᠡᠭ ᠢᠶᠠᠨ ᠦᠴᠢᠭᠯᠡᠪᠡ᠃ ᠣᠳᠣᠬᠠᠨ ᠳᠤ᠂ ᠬᠡᠷᠡᠭ ᠢ ᠶᠠᠭ ᠤᠯᠠᠮ ᠨᠢᠭᠡ ᠠᠯᠬᠤᠮ ᠳᠡᠩᠨᠡᠨ ᠰᠢᠢᠳᠪᠦᠷᠢᠯᠡᠵᠦ ᠪᠠᠶᠢᠨ᠎ᠠ᠃ |