6 ᠳ᠋ᠤᠭᠠᠷ ᠰᠠᠷ᠎ᠠ ᠶᠢᠨ 5 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠰᠣᠨᠢᠨ ᠮᠡᠳᠡᠭᠡ | ᠨᠡᠶᠢᠲᠡᠯᠡᠬᠦ ᠬᠤᠷᠠᠯ ᠬᠤᠷᠠᠯᠳᠤᠭᠤᠯᠵᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠡᠬᠢ | ᠪᠠᠶᠠᠯᠢᠭ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯ ᠤᠨ ᠠᠷᠭ᠎ᠠ ᠬᠡᠮᠵᠢᠶ᠎ᠡ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ | ᠠᠮᠢ ᠠᠬᠤᠶ ᠶᠢᠨ ᠣᠷᠴᠢᠨ ᠨᠥᠬᠦᠴᠡᠯ ᠤᠨ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠷᠦᠩᠬᠡᠶ ᠠᠩᠭᠢ ᠶᠢᠨ ᠬᠤᠶᠠᠳᠤᠭᠠᠷ | ᠳᠡᠰ ᠤᠨ ᠴᠠᠭᠳᠠᠭᠠᠨ ᠤ ᠶᠠᠪᠤᠳᠠᠯ ᠤᠨ ᠲᠤᠰᠬᠠᠶ ᠲᠤᠰᠢᠶᠠᠯᠲᠠᠨ ᠹᠧᠩ ᠬᠤ᠋᠂ ᠠᠮᠢ ᠠᠬᠤᠶ ᠣᠷᠴᠢᠨ ᠲᠣᠭᠤᠷᠢᠨ ᠪᠠ ᠠᠮᠢᠳᠤ ᠪᠣᠳᠠᠰ ᠤᠨ ᠠᠮᠤᠷ ᠲᠦᠪᠰᠢᠨ ᠤ | ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠰᠠᠯᠪᠤᠷᠢ ᠠᠩᠭᠢ ᠶᠢᠨ ᠳᠠᠷᠤᠭ᠎ᠠ ᠲᠧᠩ ᠹᠸᠢ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | | | | ᠥᠪᠥᠷ ᠮᠣᠩᠭᠤᠯ ᠪᠣᠯ ᠮᠠᠨ ᠤ ᠤᠯᠤᠰ ᠤᠨ ᠤᠮᠠᠷᠠᠲᠤ ᠣᠷᠣᠨ ᠤ ᠲᠠᠯᠠᠪᠠᠶ ᠪᠠᠷ ᠬᠠᠮᠤᠭ ᠤᠨ ᠶᠡᠭᠡ᠂ ᠲᠥᠷᠥᠯ ᠵᠦᠢᠯ ᠢᠶᠠᠷ ᠬᠠᠮᠤᠭ ᠤᠨ ᠪᠦᠷᠢᠨ ᠠᠮᠢ | ᠠᠬᠤᠶ ᠶᠢᠨ ᠴᠢᠳᠠᠮᠵᠢᠳᠤ ᠣᠷᠣᠨ ᠪᠣᠯᠤᠨ᠎ᠠ᠃ 2023 ᠣᠨ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠤ ᠪᠠᠨ᠂ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠣᠯ ᠥᠪᠥᠷ ᠮᠣᠩᠭᠤᠯ ᠤᠨ ᠡᠷᠬᠡᠪᠰᠢ | ᠪᠠᠲᠤ ᠴᠡᠭᠡᠵᠢᠯᠡᠬᠦ ᠬᠡᠷᠡᠭᠲᠡᠢ ︽ᠤᠯᠤᠰ ᠤᠨ ᠶᠡᠭᠡ ᠲᠠᠯ᠎ᠠ︾ ᠪᠣᠯᠤᠨ᠎ᠠ ᠭᠡᠵᠦ ᠵᠢᠭᠠᠵᠤ ᠭᠠᠷᠭᠠᠪᠠ᠃ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠬᠢᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠳᠣᠲᠣᠭᠠᠳᠤ ᠶᠢ ᠬᠠᠮᠠᠭᠠᠯᠠᠬᠤ ᠶᠠᠮᠤᠨ ᠤ ︽ᠺᠦᠨᠯᠦ᠋ᠨ︾ ᠲᠤᠰᠬᠠᠢ ᠠᠵᠢᠯᠯᠠᠭ᠎ᠠ ᠪᠠᠷ ᠬᠥᠲᠥᠯᠦᠮᠵᠢ | ᠪᠣᠯᠭᠠᠵᠤ᠂ ᠣᠷᠴᠢᠨ ᠲᠣᠭᠤᠷᠢᠨ ᠡᠬᠢ ᠪᠠᠶᠠᠯᠢᠭ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ | ︽ᠤᠮᠠᠷᠠᠲᠤ ᠶᠢᠨ ᠭᠤᠷᠪᠠᠨ ᠣᠷᠣᠨ︾ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠤᠨ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠳᠦᠬᠡᠨ | ᠪᠠᠶᠢᠭᠤᠯᠤᠯᠲᠠ ᠳᠤ ᠪᠦᠬᠦ ᠬᠦᠴᠦᠨ ᠢᠶᠠᠷ ᠢᠶᠠᠨ ᠦᠢᠯᠡᠴᠢᠯᠡᠵᠦ ᠪᠠᠲᠤᠯᠠᠵᠠᠢ᠃ | ᠵᠠᠮ ᠨᠡᠬᠡᠬᠡᠵᠦ᠂ ᠲᠤᠰᠬᠠᠶ ᠴᠣᠬᠢᠯᠲᠠ ᠥᠭᠬᠦ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠵᠣᠬᠢᠶᠠᠨ ᠪᠠᠶᠢᠭᠤᠯᠵᠤ ᠥᠷᠨᠢᠭᠦᠯᠵᠦ ᠪᠠᠷᠢᠮᠲᠠᠯᠠᠪᠠ᠃ ᠥᠪᠡᠷᠲᠡᠭᠡᠨ | ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠠᠴᠠ ᠠᠮᠢ ᠠᠬᠤᠢ ᠶᠢᠨ ᠣᠷᠴᠢᠨ ᠲᠣᠭᠤᠷᠢᠨ ᠪᠣᠯᠤᠨ ᠡᠬᠢ ᠪᠠᠶᠠᠯᠢᠭ ᠢ | ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠤᠯᠪᠣᠭᠳᠠᠯ ᠪᠦᠬᠦᠢ ᠠᠵᠢᠯ ᠢ ᠲᠤᠰᠬᠠᠢ ᠰᠡᠳᠦᠪ ᠢᠶᠠᠷ ᠪᠠᠶᠢᠷᠢᠯᠠᠭᠤᠯᠵᠤ᠂ | ᠮᠠᠩᠯᠠᠶᠢᠯᠠᠭᠤᠯᠤᠨ ᠱᠠᠯᠠᠪᠳᠠᠭᠤᠯᠵᠤ᠂ ︽ᠺᠦᠨᠯᠦ᠋ᠨ︾ ᠲᠤᠰᠬᠠᠢ ᠠᠵᠢᠯᠯᠠᠭ᠎ᠠ ᠪᠠᠷ ᠶᠡᠷᠦᠩᠬᠡᠢ ᠬᠥᠲᠥᠯᠦᠮᠵᠢ ᠪᠣᠯᠭᠠᠵᠤ᠂ ᠮᠠᠨ ᠤ ᠣᠷᠣᠨ ᠤ ᠣᠨᠴᠠᠯᠢᠭ ᠢ | ᠬᠠᠷᠠᠭᠤᠯᠤᠭᠰᠠᠨ ᠠᠯᠢ ᠤᠯᠠᠨ ᠲᠤᠰᠬᠠᠢ ᠠᠵᠢᠯᠯᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ᠃ 2023 ᠣᠨ ᠠᠴᠠ ᠡᠬᠢᠯᠡᠨ᠂ ᠪᠥᠬᠦ ᠣᠷᠣᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠵᠣᠬᠢᠶᠠᠨ ᠪᠠᠶᠢᠭᠤᠯᠤᠨ ︽ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠰᠠᠬᠢᠨ ᠬᠠᠮᠠᠭᠠᠯᠠᠬᠤ ᠠᠵᠢᠯᠯᠠᠭ᠎ᠠ︾ | ᠥᠷᠨᠢᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ᠂ ᠣᠶ ᠰᠢᠭᠤᠶ ᠨᠤᠲᠤᠭ ᠪᠡᠯᠴᠢᠭᠡᠷ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠵᠡᠷᠭᠡ ᠬᠦᠷᠢᠶ᠎ᠡ | ᠴᠠᠷᠠᠭ᠎ᠠ ᠶᠢᠨ ᠲᠣᠭᠤᠷᠢᠨ ᠳᠤ ᠣᠷᠴᠢᠨ ᠲᠣᠭᠤᠷᠢᠨ ᠤ ᠡᠬᠢ ᠪᠠᠶᠠᠯᠢᠭ ᠤᠨ ᠲᠣᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠣᠷᠴᠢᠨ ᠲᠣᠭᠤᠷᠢᠨ ᠢ | ᠪᠣᠬᠢᠷᠲᠤᠭᠤᠯᠤᠭᠰᠠᠨ᠂ ᠲᠠᠷᠢᠶᠠᠨ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ᠂ ᠣᠶ ᠰᠢᠭᠤᠶ ᠨᠤᠲᠤᠭ ᠪᠡᠯᠴᠢᠭᠡᠷ ᠪᠠ ᠬᠡᠭᠡᠷ᠎ᠡ ᠶᠢᠨ ᠠᠮᠢᠲᠠᠨ ᠤᠷᠭᠤᠮᠠᠯ ᠤᠨ | ᠡᠬᠢ ᠪᠠᠶᠠᠯᠢᠭ ᠢ ᠡᠪᠳᠡᠭᠰᠡᠨ᠂ ᠬᠠᠤᠯᠢ ᠪᠤᠰᠤ ᠪᠠᠷ ᠠᠭᠤᠷᠬᠠᠶ ᠮᠠᠯᠲᠠᠭᠰᠠᠨ ᠵᠡᠷᠭᠡ ᠠᠮᠢ ᠠᠬᠤᠶ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠲᠣᠪᠤᠶᠢᠮ᠎ᠠ ᠶᠠᠯᠠᠲᠤ | ᠠᠵᠢᠯᠯᠠᠭ᠎ᠠ ᠳᠤ ᠦᠷᠭᠦᠯᠵᠢᠯᠡᠨ ᠴᠢᠩᠭ᠎ᠠ ᠴᠣᠬᠢᠯᠲᠠ ᠥᠭᠭᠦᠨ᠎ᠡ᠃ ᠰᠠᠭᠤᠵᠤ ᠪᠦᠲᠦᠭᠡᠨ ᠪᠠᠶᠢᠭᠤᠯᠬᠤ᠂ ᠣᠶ ᠰᠢᠭᠤᠶ ᠡᠪᠡᠰᠦ ᠪᠡᠯᠴᠢᠭᠡᠷ᠂ ᠠᠮᠢ ᠠᠬᠤᠶ ᠶᠢᠨ | ᠣᠷᠴᠢᠨ ᠲᠣᠭᠤᠷᠢᠨ ᠵᠡᠷᠭᠡ ᠰᠠᠯᠠᠭ᠎ᠠ ᠮᠥᠴᠢᠷ ᠤᠳ ᠲᠠᠢ ᠬᠠᠮᠲᠤᠷᠠᠨ ᠡᠷᠲᠡᠨ ᠤ ᠮᠣᠳᠣ ᠨᠠᠷᠠᠲᠤ ᠮᠣᠳᠣ ᠶᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ︽ᠬᠠᠪᠤᠷ ᠤᠨ ᠰᠠᠯᠬᠢ 2024︾ ᠠᠵᠢᠯᠯᠠᠭ᠎ᠠ ᠥᠷᠨᠢᠭᠦᠯᠵᠦ᠂ ᠠᠶᠤᠯᠲᠠᠶ ᠬᠠᠶᠠᠭᠳᠠᠮᠠᠯ ᠪᠣᠳᠠᠰ ᠤᠨ | ᠣᠷᠴᠢᠨ ᠲᠣᠭᠤᠷᠢᠨ ᠢ ᠪᠣᠬᠢᠷᠲᠤᠭᠤᠯᠤᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠪᠠ ᠪᠣᠬᠢᠷᠲᠤᠯ ᠤᠨ ᠡᠬᠢ ᠶᠢ ᠠᠦ᠋ᠲ᠋ᠣ᠋ ᠪᠠᠶᠢᠴᠠᠭᠠᠨ ᠬᠡᠮᠵᠢᠭᠰᠡᠨ | ᠲᠤᠭ᠎ᠠ ᠪᠠᠷᠢᠮᠲᠠ ᠶᠢ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠦᠢᠯᠡᠳᠦᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ | ᠨᠡᠭᠦᠳᠡᠯ ᠤᠨ ᠰᠢᠪᠠᠭᠤ ᠳᠤ ᠬᠤᠤᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠭᠤᠤᠯ ᠤᠨ ᠵᠠᠮ ᠠᠴᠠ ᠬᠠᠤᠯᠢ ᠪᠤᠰᠤ ᠪᠠᠷ ᠡᠯᠡᠰᠦ | ᠮᠠᠯᠲᠠᠭᠰᠠᠨ ᠳᠤ ᠴᠣᠬᠢᠯᠲᠠ ᠥᠭᠬᠦ᠂ ᠬᠠᠷ᠎ᠠ ᠰᠢᠷᠣᠶ ᠶᠢᠨ ᠡᠬᠢ ᠪᠠᠶᠠᠯᠢᠭ ᠤᠨ ᠣᠷᠣᠨ ᠪᠦᠰᠡ ᠶᠢ ᠡᠪᠳᠡᠭᠰᠡᠨ ᠳᠤ ᠴᠣᠬᠢᠯᠲᠠ ᠥᠭᠬᠦ ᠬᠠᠮᠲᠤᠷᠠᠭᠰᠠᠨ ᠪᠠᠶᠢᠯᠳᠤᠭᠠᠨ | ᠵᠡᠷᠭᠡ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ | ᠰᠠᠶᠢᠲᠠᠶ ᠬᠥᠭᠵᠢᠯᠲᠡ ᠶᠢᠨ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠲᠠᠢ ᠨᠢᠭᠲᠠ ᠤᠶᠠᠯᠳᠤᠭᠤᠯᠤᠨ᠂ ᠬᠠᠲᠤᠨ ᠭᠤᠤᠯ ᠪᠠ ︽ᠨᠢᠭᠡ ᠨᠠᠭᠤᠷ ᠬᠤᠶᠠᠷ | ᠲᠡᠯᠡᠶ︾ ᠶᠢᠨ ᠠᠮᠢ ᠠᠬᠤᠶ ᠶᠢᠨ ᠵᠠᠰᠠᠯᠲᠠ ᠶᠢᠨ ᠲᠣᠭᠤᠷᠢᠨ ᠳᠤ᠂ 4 ᠵᠢᠯ ᠳᠠᠷᠠᠭᠠᠯᠠᠨ ︽ᠬᠠᠲᠤᠨ ᠭᠤᠤᠯ ᠢ ᠬᠠᠮᠠᠭᠠᠯᠠᠬᠤ︾ ᠲᠤᠰᠬᠠᠶ ᠠᠵᠢᠯᠯᠠᠭ᠎ᠠ ᠶᠢ | ᠪᠠᠶᠢᠷᠢᠯᠠᠭᠤᠯᠤᠨ ᠥᠷᠨᠢᠭᠦᠯᠵᠦ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ ︽ᠭᠤᠤᠯ ᠨᠠᠭᠤᠷ | ᠴᠥᠭᠦᠷᠥᠮ ᠤᠨ ᠠᠮᠤᠷ ᠲᠦᠪᠰᠢᠨ ᠤ ᠬᠠᠮᠠᠭᠠᠯᠠᠯᠲᠠ︾ ︽ᠬᠠᠲᠤᠨ ᠭᠤᠤᠯ ᠤᠨ ᠵᠢᠭᠠᠰᠤ ᠠᠩᠨᠠᠬᠤ ᠶᠢ ᠴᠠᠭᠠᠵᠠᠯᠠᠬᠤ︾ ᠵᠡᠷᠭᠡ ᠲᠤᠰᠬᠠᠶ ᠠᠵᠢᠯᠯᠠᠭ᠎ᠠ ᠶᠢ | ᠥᠷᠨᠢᠭᠦᠯᠪᠡ᠃ 3 ᠵᠢᠯ ᠳᠠᠷᠠᠭᠠᠯᠠᠨ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠳᠤ ᠬᠠᠷ᠎ᠠ ᠰᠢᠷᠣᠶ ᠶᠢᠨ ᠬᠦᠯᠦᠷ᠎ᠡ ᠬᠤᠯᠠᠭᠠᠶᠢᠯᠠᠨ ᠮᠠᠯᠲᠠᠭᠰᠠᠨ | ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠲᠠᠷᠢᠶᠠᠨ ᠭᠠᠵᠠᠷ ᠲᠠᠬᠢ ᠲᠣᠮᠣ ᠮᠠᠯᠤᠷ ᠥᠲᠡᠭᠡ︾ | ᠶᠢ ᠬᠦᠴᠦᠲᠡᠶ ᠬᠠᠮᠠᠭᠠᠯᠠᠪᠠ᠃ 2023 ᠣᠨ ᠠᠴᠠ ᠨᠠᠭᠠᠰᠢ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠣᠷᠴᠢᠨ ᠠᠬᠤᠶ ᠡᠬᠢ | ᠪᠠᠶᠠᠯᠢᠭ ᠤᠨ ᠬᠦᠷᠢᠶᠡᠨ ᠳᠠᠬᠢ ᠡᠷᠡᠭᠦᠤ ᠶᠢᠨ ᠬᠡᠷᠡᠭ ᠢ ᠨᠡᠶᠢᠲᠡ 2157 ᠢᠯᠡᠷᠡᠭᠦᠯᠵᠦ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠰᠢᠪᠠᠳᠠᠨ ᠰᠢᠢᠳᠪᠦᠷᠢᠯᠡᠭᠦᠯᠦᠭᠰᠡᠨ | 16 ᠬᠡᠷᠡᠭ ᠢ ᠢᠯᠡᠷᠡᠭᠦᠯᠵᠡᠶ᠃ | ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠶᠢ ᠰᠠᠶᠢᠲᠤᠷ ᠬᠢᠵᠦ᠂ ᠠᠮᠢ ᠠᠬᠤᠶ ᠶᠢᠨ ᠴᠠᠭᠳᠠᠭᠠᠨ ᠤ ᠶᠠᠪᠤᠳᠠᠯ ᠤᠨ ᠴᠣᠬᠢᠯᠲᠠ ᠥᠭᠬᠦ ᠪᠠ ᠰᠡᠷᠭᠡᠶᠢᠯᠡᠬᠦ ᠶᠢᠨ | ᠬᠠᠮᠵᠢᠯᠴᠠᠬᠤ ᠰᠢᠰᠲ᠋ᠧᠮᠵᠢ ᠶᠢ ᠪᠠᠶᠢᠭᠤᠯᠪᠠ᠃ ︽ᠲᠤᠰᠬᠠᠶ ᠮᠡᠷᠭᠡᠵᠢᠯ + ᠲᠣᠭᠲᠠᠴᠠ + ᠲᠣᠮᠣ ᠳ᠋ᠠᠶᠢᠲ᠋ᠠ︾ ᠶᠢᠨ ᠰᠢᠨ᠎ᠡ ᠬᠡᠯᠪᠡᠷᠢ ᠶᠢᠨ ᠴᠠᠭᠳᠠᠭᠠᠨ ᠤ ᠶᠠᠪᠤᠳᠠᠯ ᠤᠨ | ᠵᠠᠭᠪᠤᠷ ᠢ ᠭᠦᠨᠵᠡᠭᠡᠶ ᠪᠠᠶᠢᠭᠤᠯᠵᠤ᠂ ᠤᠮᠠᠷᠠᠲᠤ ᠬᠢᠯᠢ ᠶᠢᠨ ᠣᠨᠴᠠᠯᠢᠭ ᠲᠠᠢ ᠪᠣᠳᠠᠲᠤ ᠪᠠᠶᠢᠯᠳᠤᠭᠠᠨᠴᠢᠯᠠᠭᠰᠠᠨ ᠲᠤᠰᠬᠠᠶᠢᠵᠢᠭᠰᠠᠨ ᠠᠮᠢ ᠠᠬᠤᠶ ᠶᠢᠨ ᠴᠠᠭᠳᠠᠭᠠᠨ ᠤ | ᠶᠠᠪᠤᠳᠠᠯ ᠢ ᠴᠢᠷᠮᠠᠶᠢᠨ ᠪᠣᠶ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠥᠪᠡᠷᠲᠡᠭᠡᠨ ᠵᠠᠰᠠᠬᠤ ᠣᠷᠣᠨ ᠤ ᠬᠠᠲᠤᠨ | ᠭᠤᠤᠯ ᠤᠨ ᠠᠵᠢᠯ ᠤᠨ ᠠᠯᠪᠠᠨ ᠬᠡᠷ ᠵᠡᠷᠭᠡ 8 ᠰᠠᠯᠠᠭ᠎ᠠ ᠮᠥᠴᠢᠷ ᠲᠠᠢ ᠬᠠᠮᠲᠤᠷᠠᠨ ᠬᠠᠲᠤᠨ ᠭᠤᠤᠯ ᠤᠨ ᠰᠠᠪᠠ ᠭᠠᠵᠠᠷ ᠤᠨ ︽ᠲᠩᠷᠢ᠂ ᠠᠭᠠᠷ᠂ ᠭᠠᠵᠠᠷ᠂ ᠬᠥᠮᠦᠨ︾ | ᠤ ᠪᠣᠰᠤᠭ᠎ᠠ ᠴᠣᠭᠴᠠᠲᠤ ᠬᠠᠮᠲᠤᠷᠠᠭᠰᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ | ᠲᠥᠪᠯᠡᠷᠡᠭᠦᠯᠦᠨ ᠪᠠᠶᠢᠴᠠᠭᠠᠨ ᠰᠢᠢᠳᠪᠦᠷᠢᠯᠡᠨ ᠴᠡᠭᠴᠡᠯᠡᠨ ᠵᠠᠰᠠᠵᠤ᠂ ᠬᠠᠲᠤᠨ ᠭᠤᠤᠯ ᠤᠨ ᠥᠪᠥᠷ ᠮᠣᠩᠭᠤᠯ ᠤᠨ ᠬᠡᠰᠡᠭ ᠤᠨ ᠠᠮᠢ ᠠᠬᠤᠶ ᠶᠢᠨ ᠣᠷᠴᠢᠨ | ᠲᠣᠭᠤᠷᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠡᠬᠢ ᠡᠭᠦᠰᠦᠯ ᠠᠴᠠ ᠨᠢ ᠰᠡᠷᠭᠡᠶᠢᠯᠡᠨ ᠠᠷᠢᠯᠭᠠᠬᠤ ᠪᠠᠷ ᠴᠢᠷᠮᠠᠶᠢᠵᠤ᠂ 2023 ᠣᠨ ᠠᠴᠠ ᠨᠠᠭᠠᠰᠢ᠂ | ᠬᠠᠲᠤᠨ ᠭᠤᠤᠯ ᠤᠨ ᠰᠠᠪᠠ ᠭᠠᠵᠠᠷ ᠤᠨ ᠡᠷᠡᠭᠦᠤ ᠶᠢᠨ ᠬᠡᠷᠡᠭ ᠢ ᠨᠡᠶᠢᠲᠡ 1027 ᠤᠳᠠᠭ᠎ᠠ ᠪᠠᠶᠢᠴᠠᠭᠠᠨ ᠰᠢᠢᠳᠪᠦᠷᠢᠯᠡᠪᠡ᠃ ᠨᠢᠩᠰᠢᠶᠠ ᠶᠢᠨ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠲᠠᠢ ︽ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠴᠠᠭᠳᠠᠭᠠᠨ ᠤ ᠶᠠᠪᠤᠳᠠᠯ ᠤᠨ ᠬᠠᠮᠲᠤᠷᠠᠯᠴᠠᠭᠠᠨ ᠤ | ᠬᠡᠯᠡᠯᠴᠡᠭᠡᠷ︾ ᠲᠤ ᠭᠠᠷ ᠤᠨ ᠦᠰᠦᠭ ᠵᠢᠷᠤᠵᠤ᠂ ᠪᠡᠭᠡᠵᠢᠩ᠂ ᠲᠢᠶᠠᠨᠵᠢᠨ᠂ ᠥᠪᠥᠷ ᠮᠣᠩᠭᠤᠯ ᠵᠡᠷᠭᠡ 8 ᠮᠤᠵᠢ ᠬᠤᠳᠠ ᠶᠢᠨ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠬᠠᠮᠲᠤ ᠪᠠᠷ ︽ᠬᠠᠶᠢᠾᠤ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠴᠠᠭᠳᠠᠭᠠᠨ ᠤ ᠶᠠᠪᠤᠳᠠᠯ ᠤᠨ ᠬᠠᠮᠲᠤᠷᠠᠯᠴᠠᠭᠠᠨ ᠤ | ᠡᠷᠡᠭᠦᠦ ᠶᠢᠨ ᠬᠡᠷᠡᠭ ᠤᠨ ᠴᠣᠬᠢᠯᠲᠠ ᠥᠭᠬᠦ ᠴᠠᠭᠳᠠᠭᠠᠨ ᠤ ᠶᠠᠪᠤᠳᠠᠯ ᠤᠨ ᠬᠠᠮᠲᠤᠷᠠᠯᠴᠠᠭᠠᠨ ᠤ ᠬᠡᠯᠡᠯᠴᠡᠭᠡᠷ︾ ᠲᠤ ᠭᠠᠷ ᠤᠨ ᠦᠰᠦᠭ ᠵᠢᠷᠤᠵᠤ᠂ ᠣᠷᠣᠨ | ᠪᠦᠰᠡ ᠶᠢᠨ ᠠᠮᠢ ᠠᠬᠤᠶ ᠶᠢᠨ ᠴᠠᠭᠳᠠᠭᠠᠨ ᠤ ᠶᠠᠪᠤᠳᠠᠯ ᠤᠨ ᠬᠠᠮᠲᠤᠷᠠᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠬᠤᠯᠪᠣᠭᠠᠯᠠᠨ ᠰᠡᠷᠭᠡᠶᠢᠯᠡᠬᠦ᠂ ᠬᠤᠯᠪᠣᠭᠠᠯᠠᠨ | ᠵᠠᠰᠠᠬᠤ᠂ ᠬᠤᠯᠪᠣᠭᠠᠯᠠᠨ ᠴᠣᠬᠢᠯᠲᠠ ᠥᠭᠬᠦ᠂ ᠬᠤᠯᠪᠣᠭᠠᠯᠠᠨ ᠡᠵᠡᠮᠳᠡᠬᠦ᠂ ᠬᠤᠯᠪᠣᠭᠠᠯᠠᠨ ᠤᠬᠠᠭᠤᠯᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠠᠮᠢ ᠠᠬᠤᠶ ᠶᠢᠨ | ᠣᠷᠴᠢᠨ ᠨᠥᠬᠦᠴᠡᠯ ᠤᠨ ᠡᠬᠢ ᠪᠠᠶᠠᠯᠢᠭ ᠤᠨ ᠶᠠᠯᠠᠲᠤ ᠠᠵᠢᠯᠯᠠᠭ᠎ᠠ ᠳᠤ ᠨᠠᠷᠢᠯᠢᠭ ᠣᠨᠣᠴᠠᠲᠠᠶ ᠪᠠᠷ ᠴᠣᠬᠢᠯᠲᠠ ᠥᠭᠬᠦ᠂ ᠭᠦᠨᠵᠡᠭᠡᠶ ᠴᠣᠬᠢᠯᠲᠠ ᠥᠭᠬᠦ᠂ | ᠬᠡᠪᠴᠢᠶᠡᠵᠢᠭᠦᠯᠦᠨ ᠴᠣᠬᠢᠯᠲᠠ ᠥᠭᠬᠦ ᠶᠢ ᠪᠡᠶᠡᠯᠡᠭᠦᠯᠪᠡ᠃ ︽ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ + ᠴᠠᠭᠳᠠᠭᠠᠨ ᠤ ᠳᠠᠷᠤᠭ᠎ᠠ︾ ᠶᠢᠨ ᠲᠣᠭᠲᠠᠴᠠ | ᠪᠠ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠦᠷᠢᠮ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ᠂ ᠬᠠᠮᠲᠤᠷᠠᠨ ᠬᠠᠤᠯᠢ ᠬᠡᠷᠡᠭᠵᠢᠭᠦᠯᠬᠦ ᠶᠢ ᠪᠠᠶᠢᠩᠭᠤᠵᠢᠭᠤᠯᠤᠨ ᠥᠷᠨᠢᠭᠦᠯᠵᠦ᠂ ᠭᠤᠤᠯ ᠮᠥᠷᠡᠨ | ᠨᠠᠭᠤᠷ ᠴᠥᠭᠦᠷᠥᠮ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ 2023 ᠣᠨ ᠠᠴᠠ | ᠨᠠᠭᠠᠰᠢ᠂ ᠭᠤᠤᠯ ᠤᠨ ᠵᠠᠮ ᠠᠴᠠ ᠬᠠᠤᠯᠢ ᠪᠤᠰᠤ ᠪᠠᠷ ᠡᠯᠡᠰᠦ ᠮᠠᠯᠲᠠᠭᠰᠠᠨ 48 ᠡᠷᠡᠭᠦᠤ ᠶᠢᠨ ᠬᠡᠷᠡᠭ ᠢ ᠢᠯᠡᠷᠡᠭᠦᠯᠵᠦ᠂ 95 ᠶᠠᠯ᠎ᠠ ᠬᠢᠭᠰᠡᠨ ᠰᠡᠵᠢᠭᠳᠡᠨ ᠢ | ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠦᠨ᠎ᠡ ᠥᠷᠲᠡᠭ ᠨᠢ 3500 ᠭᠠᠷᠤᠶ ᠲᠦᠮᠡᠨ ᠲᠥᠭᠦᠷᠢᠭ ᠲᠤ ᠬᠦᠷᠴᠡᠶ᠃ 2023 ᠣᠨ ᠳᠤ᠂ ᠥᠪᠡᠷᠲᠡᠭᠡᠨ | ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠷᠠᠳ ᠤᠨ ᠪᠠᠶᠢᠴᠠᠭᠠᠬᠤ ᠬᠤᠷᠢᠶ᠎ᠠ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠲᠠᠢ | ᠬᠠᠮᠲᠤᠷᠠᠨ ︽ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠶᠢᠨ ᠬᠡᠷᠡᠭ ᠤᠨ ᠬᠠᠤᠯᠢ | ᠪᠠᠷᠢᠬᠤ ᠶᠢ ᠵᠣᠯᠭᠠᠭᠤᠯᠬᠤ ᠠᠵᠢᠯ ᠢ ᠲᠡᠭᠦᠯᠳᠡᠷᠵᠢᠭᠦᠯᠦᠨ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ | ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠠᠷᠠᠳ ᠤᠨ ᠪᠠᠶᠢᠴᠠᠭᠠᠬᠤ ᠬᠤᠷᠢᠶ᠎ᠠ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠯᠤᠭ᠎ᠠ | ᠬᠠᠮᠲᠤᠷᠠᠨ ︽ᠪᠥᠬᠦ ᠣᠷᠣᠨ ᠤ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠤ ᠶᠢᠨ ᠬᠡᠷᠡᠭ ᠤᠨ ᠬᠠᠤᠯᠢ ᠪᠠᠷᠢᠬᠤ ᠶᠢ ᠵᠣᠯᠭᠠᠭᠤᠯᠬᠤ | ᠬᠢᠭᠡᠳ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠠᠮᠵᠢᠯᠴᠠᠭ᠎ᠠ ᠶᠢ ᠴᠢᠩᠭᠠᠳᠬᠠᠬᠤ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠵᠤ᠂ ᠪᠦᠲᠦᠮᠵᠢᠲᠡᠶ | ᠵᠣᠯᠭᠠᠭᠤᠯᠬᠤ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠠᠢ᠃ | ᠤᠯᠠᠨ ᠲᠦᠮᠡᠨ ᠲᠠᠢ ᠨᠢᠭᠲᠠ ᠬᠠᠷᠢᠯᠴᠠᠵᠤ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠴᠣ᠋ ᠰᠢᠨ᠎ᠡ ᠪᠠᠶᠢᠳᠠᠯ ᠢ ᠪᠤᠢ ᠪᠣᠯᠭᠠᠪᠠ᠃ | ᠲᠣᠭᠲᠠᠮᠠᠯ ᠬᠤᠭᠤᠴᠠᠭ᠎ᠠ ᠲᠠᠢ ᠪᠠᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ ᠠᠵᠢᠯ ᠤᠨ ᠦᠷ᠎ᠡ ᠪᠦᠲᠦᠮᠵᠢ ᠶᠢ ᠵᠠᠷᠯᠠᠨ ᠮᠡᠳᠡᠭᠳᠡᠵᠦ᠂ ᠨᠡᠶᠢᠭᠡᠮ | ᠨᠡᠶᠢᠲᠡ ᠳᠤ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠵᠦ᠂ ᠴᠣᠬᠢᠯᠲᠠ ᠥᠭᠴᠦ ᠰᠦᠷᠳᠡᠭᠦᠯᠬᠦ ᠦᠷ᠎ᠡ ᠪᠦᠲᠦᠮᠵᠢ ᠶᠢ ᠭᠦᠨᠵᠡᠭᠡᠶᠢᠷᠡᠭᠦᠯᠪᠡ᠃ ︽ᠠᠷᠠᠳ ᠪᠠ | ᠠᠵᠤ ᠠᠬᠤᠶᠢᠯᠠᠯ ᠳᠤ ᠠᠰᠢᠭ ᠬᠦᠷᠲᠡᠭᠡᠬᠦ︾ ᠰᠤᠷᠪᠤᠯᠵᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠤᠯᠢ ᠴᠠᠭᠠᠵᠠ ᠶᠢ ᠲᠦᠭᠡᠮᠡᠯᠵᠢᠭᠦᠯᠬᠦ | ᠤᠬᠠᠭᠤᠯᠭ᠎ᠠ ᠶᠢ ᠴᠢᠩᠭᠠᠳᠬᠠᠪᠠ᠃ 2024 ᠣᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠢ ᠬᠠᠮᠲᠤᠪᠠᠷ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠢᠳᠡᠭᠡᠨ ᠪᠠ ᠡᠮ ᠤᠨ | ᠵᠦᠢᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠠᠷᠭ᠎ᠠ︾ | ᠶᠢ ᠳᠠᠷᠤᠮᠠᠯᠯᠠᠨ ᠲᠠᠷᠬᠠᠭᠠᠵᠤ᠂ ᠪᠥᠬᠦ ᠠᠷᠠᠳ ᠢᠶᠠᠷ ᠢᠶᠠᠨ ᠬᠢᠨᠠᠯᠲᠠ ᠬᠠᠮᠢᠶᠠᠷᠤᠯᠲᠠ ᠳᠤ ᠣᠷᠣᠯᠴᠠᠬᠤ ᠶᠢ ᠵᠣᠷᠢᠭᠵᠢᠭᠤᠯᠤᠨ᠂ ᠪᠥᠬᠦ ᠨᠡᠶᠢᠭᠡᠮ ᠤᠨ ᠬᠠᠤᠯᠢ ᠪᠠᠷ | ᠵᠠᠰᠠᠬᠤ ᠤᠬᠠᠮᠰᠠᠷ ᠪᠠ ᠠᠮᠢ ᠠᠬᠤᠢ ᠣᠷᠴᠢᠨ ᠣᠷᠴᠢᠨ ᠠᠬᠤᠢ ᠶᠢ ᠬᠠᠮᠠᠭᠠᠯᠠᠬᠤ ᠤᠬᠠᠮᠰᠠᠷ ᠢ ᠦᠷᠭᠦᠯᠵᠢᠯᠡᠨ ᠴᠢᠩᠭᠠᠳᠬᠠᠨ᠎ᠠ᠃ | | | ᠰᠤᠷᠪᠤᠯᠵᠢᠯᠠᠭᠴᠢ᠄ ᠨᠢᠳᠤᠨᠤᠨ ᠠᠴᠠ ᠨᠠᠭᠠᠰᠢ ᠪᠥᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠮᠢ ᠠᠬᠤᠶ ᠣᠷᠴᠢᠨ | ᠲᠣᠭᠤᠷᠢᠨ ᠤ ᠡᠬᠢ ᠪᠠᠶᠠᠯᠢᠭ ᠲᠤ ᠬᠤᠤᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯ ᠤᠨ ᠳᠤᠮᠳᠠ ᠶᠠᠮᠠᠷ ᠶᠠᠮᠠᠷ ᠨᠡᠶᠢᠲᠡᠯᠢᠭ | ᠬᠡᠷᠡᠭ ᠤᠨ ᠵᠢᠱᠢᠶ᠎ᠡ ᠪᠠᠶᠢᠬᠤ ᠪᠣᠶ︖ | ᠲᠧᠩ ᠹᠸᠢ᠄ 2023 ᠣᠨ ᠠᠴᠠ ᠨᠠᠭᠠᠰᠢ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ︽ᠪᠥᠬᠦ ᠭᠤᠭᠴᠤᠭ᠎ᠠ᠂ ᠪᠥᠬᠦ | ᠬᠦᠴᠦᠨ ᠵᠦᠢᠯ᠂ ᠪᠥᠬᠦ ᠬᠡᠯᠬᠢᠶ᠎ᠡ︾ ᠶᠢᠨ ᠳᠡᠩᠨᠡᠨ ᠰᠢᠢᠳᠪᠦᠷᠢᠯᠡᠬᠦ ᠱᠠᠭᠠᠷᠳᠠᠯᠭ᠎ᠠ ᠶᠣᠰᠣᠭᠠᠷ᠂ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠰᠦᠪᠡᠭᠴᠢ ᠶᠢᠨ | ᠠᠷᠭ᠎ᠠ ᠵᠠᠮ ᠢ ᠥᠷᠭᠡᠳᠬᠡᠨ᠂ ᠬᠡᠷᠡᠭ ᠢ ᠢᠯᠡᠷᠡᠭᠦᠯᠵᠦ ᠪᠡᠷᠬᠡ ᠰᠡᠳᠦᠪ ᠢ ᠰᠢᠢᠳᠪᠦᠷᠢᠯᠡᠬᠦ ᠶᠢ ᠳᠥᠯᠭᠢᠨ ᠠᠬᠢᠭᠤᠯᠵᠤ᠂ ᠨᠢᠭᠡ ᠪᠦᠯᠦᠭ ᠨᠡᠶᠢᠲᠡᠯᠢᠭ ᠴᠢᠨᠠᠷᠲᠠᠶ ᠬᠡᠷᠡᠭ ᠢ | ᠢᠯᠡᠷᠡᠭᠦᠯᠵᠦ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠦᠴᠦᠲᠡᠶ ᠰᠦᠷᠳᠡᠭᠦᠯᠦᠯ ᠪᠣᠯᠤᠭᠰᠠᠨ ᠪᠠᠶᠢᠨ᠎ᠠ᠃ ᠥᠨᠥᠳᠦᠷ 6 ᠨᠡᠶᠢᠲᠡᠯᠢᠭ ᠬᠡᠷᠡᠭ ᠤᠨ | ᠵᠢᠱᠢᠶ᠎ᠡ ᠶᠢ ᠨᠡᠶᠢᠲᠡᠯᠡᠪᠡ᠄ | 1. ᠪᠤᠭᠤᠲᠤ ᠬᠤᠲᠠ ᠶᠢᠨ ᠸᠠᠩ ᠣᠪᠣᠭᠲᠤ ᠵᠡᠷᠭᠡ ᠬᠥᠮᠦᠰ ᠤᠨ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠬᠡᠷᠡᠭ | 2021 ᠣᠨ ᠤ 11 ᠰᠠᠷ᠎ᠠ ᠠᠴᠠ 2023 ᠣᠨ ᠤ 4 ᠰᠠᠷ᠎ᠠ ᠪᠣᠯᠲᠠᠯ᠎ᠠ᠂ ᠨᠢᠭᠡᠨ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠲᠥᠬᠦᠭᠡᠷᠦᠮᠵᠢ ᠶᠢᠨ | ᠡᠵᠡᠩᠨᠡᠯᠲᠡ ᠶᠢ ᠬᠠᠷᠢᠭᠤᠴᠠᠵᠤ ᠪᠠᠶᠢᠭᠰᠠᠨ ᠠᠵᠢᠯᠳᠠᠨ ᠸᠠᠩ ᠣᠪᠣᠭᠲᠤ ᠲᠥᠬᠦᠭᠡᠷᠦᠮᠵᠢ ᠶᠢᠨ ᠲᠡᠭᠡᠭᠡᠪᠦᠷᠢᠯᠡᠨ ᠬᠠᠮᠠᠭᠠᠯᠠᠬᠤ ᠶᠢ ᠬᠠᠷᠢᠭᠤᠴᠠᠵᠤ ᠪᠠᠶᠢᠭᠰᠠᠨ | ᠭᠤᠷᠪᠠᠳᠤᠭᠠᠷ ᠲᠠᠯ᠎ᠠ ᠶᠢᠨ ᠺᠣᠮᠫᠠᠨᠢ ᠶᠢᠨ ᠮᠡᠷᠭᠡᠵᠢᠯᠲᠡᠨ ᠴᠠᠩ ᠣᠪᠣᠭᠲᠤ ᠲᠠᠢ ᠬᠠᠮᠲᠤᠷᠠᠨ᠂ ᠠᠦ᠋ᠲ᠋ᠣ᠋ ᠬᠢᠨᠠᠨ ᠬᠡᠮᠵᠢᠯᠲᠡ ᠶᠢᠨ ᠲᠥᠬᠦᠭᠡᠷᠦᠮᠵᠢ ᠳᠤ ᠭᠠᠷ ᠢᠶᠠᠷ | ᠲᠣᠭᠲᠠᠮᠠᠯ ᠬᠡᠮᠵᠢᠭᠳᠡᠯ ᠢ ᠲᠣᠬᠢᠷᠠᠭᠤᠯᠵᠤ᠂ ᠠᠦ᠋ᠲ᠋ᠣ᠋ ᠬᠢᠨᠠᠨ ᠬᠡᠮᠵᠢᠯᠲᠡ ᠶᠢᠨ ᠲᠥᠬᠦᠭᠡᠷᠦᠮᠵᠢ ᠶᠢᠨ ᠲᠤᠭ᠎ᠠ ᠪᠠᠷᠢᠮᠲᠠ ᠶᠢ ᠥᠭᠡᠷᠡᠲᠦᠭᠦᠯᠵᠦ᠂ ᠬᠦᠬᠦᠷ ᠤᠨ ᠳᠠᠪᠬᠤᠷ | ᠢᠰᠦᠯ᠂ ᠠᠽᠣᠲ ᠤᠨ ᠢᠰᠦᠮᠡᠭ ᠵᠡᠷᠭᠡ ᠪᠣᠬᠢᠷᠲᠤᠯ ᠪᠣᠳᠠᠰ ᠢ ᠭᠠᠳᠠᠭᠰᠢᠯᠠᠭᠤᠯᠪᠠ᠃ 2023 ᠣᠨ ᠤ 4 ᠰᠠᠷ᠎ᠠ ᠳᠤ᠂ ᠪᠤᠭᠤᠲᠤ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠲᠣᠰ ᠬᠡᠷᠡᠭ ᠢ ᠳᠡᠩᠨᠡᠨ ᠢᠯᠡᠷᠡᠭᠦᠯᠵᠦ᠂ ᠶᠠᠯ᠎ᠠ ᠬᠢᠭᠰᠡᠨ ᠰᠡᠵᠢᠭᠳᠡᠨ ᠸᠠᠩ ᠣᠪᠣᠭᠲᠤ ᠪᠣᠯᠤᠨ ᠴᠠᠩ ᠣᠪᠣᠭᠲᠤ ᠬᠤᠶᠠᠷ ᠬᠥᠮᠦᠨ ᠢ | ᠪᠠᠷᠢᠪᠴᠢᠯᠠᠪᠠ᠃ ᠲᠣᠰ ᠬᠡᠷᠡᠭ ᠪᠣᠯ ᠪᠣᠬᠢᠷᠲᠤᠯ ᠪᠣᠳᠠᠰ ᠭᠠᠳᠠᠭᠰᠢᠯᠠᠭᠤᠯᠬᠤ ᠭᠤᠤᠯᠳᠠᠯᠭ᠎ᠠ ᠲᠠᠢ ᠨᠢᠭᠡᠴᠢ ᠶᠢᠨ ᠠᠵᠢᠯᠲᠠᠨ ᠠᠵᠢᠯᠴᠢᠨ ᠤ ᠳᠣᠲᠣᠷ᠎ᠠ ᠭᠠᠳᠠᠨ᠎ᠠ | ᠰᠥᠯᠪᠡᠭᠡᠯᠳᠦᠨ ᠬᠠᠤᠯᠢ ᠪᠤᠰᠤ ᠪᠠᠷ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠨᠡᠶᠢᠲᠡᠯᠢᠭ ᠬᠡᠷᠡᠭ ᠮᠥᠨ᠂ ᠲᠣᠰ ᠬᠡᠷᠡᠭ ᠢ ᠠᠮᠵᠢᠯᠲᠠᠲᠠᠶ ᠳᠡᠩᠨᠡᠨ | ᠢᠯᠡᠷᠡᠭᠦᠯᠦᠭᠰᠡᠨ ᠨᠢ ᠡᠶᠢᠮᠦᠷᠬᠦ ᠶᠠᠯᠠᠲᠤ ᠠᠵᠢᠯᠯᠠᠭ᠎ᠠ ᠶᠢ ᠬᠦᠴᠦᠲᠡᠶ ᠰᠦᠷᠳᠡᠭᠦᠯᠵᠦ᠂ ᠠᠵᠤ ᠠᠬᠤᠶᠢᠯᠠᠯ ᠤᠨ ᠬᠠᠮᠢᠶᠠᠷᠤᠯᠲᠠ ᠪᠠ ᠥᠪᠡᠷ ᠢ ᠪᠠᠨ ᠴᠢᠩᠭ᠎ᠠ | ᠱᠠᠭᠠᠷᠳᠠᠬᠤ ᠶᠢ ᠳᠥᠯᠭᠢᠨ ᠠᠬᠢᠭᠤᠯᠵᠤ᠂ ᠪᠠᠶᠢᠴᠠᠭᠠᠨ ᠰᠢᠯᠭᠠᠭᠰᠠᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠣᠨᠣᠪᠴᠢᠲᠠᠶ ᠪᠠᠶᠢᠬᠤ ᠶᠢ ᠦᠨᠡᠨ ᠬᠦ | ᠪᠠᠲᠤᠯᠠᠭᠰᠠᠨ ᠪᠠᠶᠢᠨ᠎ᠠ᠃ | 2.ᠠᠯᠠᠱᠠ ᠠᠶᠢᠮᠠᠭ ᠤᠨ ᠠᠯᠠᠱᠠ ᠪᠠᠷᠠᠭᠤᠨ ᠬᠤᠰᠢᠭᠤᠨ ᠤ ᠨᠢᠭᠡᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠣᠷᠴᠢᠨ ᠲᠣᠭᠤᠷᠢᠨ ᠢ | ᠪᠣᠬᠢᠷᠲᠤᠭᠤᠯᠤᠭᠰᠠᠨ ᠬᠡᠷᠡᠭ | ᠠᠯᠠᠱᠠ ᠠᠶᠢᠮᠠᠭ ᠤᠨ ᠠᠯᠠᠱᠠ ᠪᠠᠷᠠᠭᠤᠨ ᠬᠤᠰᠢᠭᠤᠨ ᠤ ᠨᠢᠭᠡᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠦᠢᠯᠡᠳᠪᠦᠷᠢᠯᠡᠭᠰᠡᠨ ᠤ | ᠳᠠᠷᠠᠭᠠᠬᠢ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠦᠢᠯᠡᠳᠪᠦᠷᠢ ᠶᠢᠨ ᠲᠣᠭᠤᠷᠢᠭ ᠤᠨ ᠭᠠᠳᠠᠨ᠎ᠠ ᠪᠠ ᠬᠤᠪᠢ ᠪᠠᠷ ᠢᠶᠠᠨ ᠪᠠᠶᠢᠭᠤᠯᠤᠭᠰᠠᠨ ᠳᠠᠯᠳᠠ | ᠬᠤᠳᠳᠤᠭ ᠲᠤ ᠭᠠᠳᠠᠭᠰᠢᠯᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠪᠠᠶᠢᠴᠠᠭᠠᠨ ᠰᠢᠯᠭᠠᠯᠲᠠ ᠪᠠᠷ ᠳᠠᠮᠵᠢᠨ᠂ ᠬᠠᠤᠯᠢ ᠪᠤᠰᠤ ᠪᠠᠷ | ᠭᠠᠳᠠᠭᠰᠢᠯᠠᠭᠤᠯᠤᠭᠰᠠᠨ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠨᠢ ᠠᠶᠤᠯᠲᠠᠢ ᠬᠠᠶᠠᠭᠳᠠᠮᠠᠯ ᠪᠣᠳᠠᠰ ᠲᠤ ᠲᠣᠭᠠᠴᠠᠭᠳᠠᠨ᠎ᠠ᠃ 2023 ᠣᠨ ᠤ 5 ᠰᠠᠷ᠎ᠠ ᠳᠤ᠂ | ᠠᠯᠠᠱᠠ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠣᠰ ᠬᠡᠷᠡᠭ ᠢ ᠳᠡᠩᠨᠡᠨ ᠢᠯᠡᠷᠡᠭᠦᠯᠵᠦ᠂ 6 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ | ᠠᠮᠢ ᠠᠬᠤᠶ ᠶᠢᠨ ᠣᠷᠴᠢᠨ ᠨᠥᠬᠦᠴᠡᠯ ᠤᠨ ᠠᠶᠤᠯ ᠲᠦᠭᠰᠢᠭᠦᠷᠢ ᠶᠢᠨ ᠨᠠᠩ ᠶᠡᠭᠡ ᠳᠠᠯᠳᠠ ᠬᠡᠮ ᠢ ᠪᠣᠶ ᠪᠣᠯᠭᠠᠵᠤ ᠮᠡᠳᠡᠬᠦ ᠠᠴᠠ ᠵᠠᠶᠢᠯᠠᠰᠬᠢᠵᠡᠶ᠃ | 3. ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠡᠦ ᠤᠪᠤᠭᠲᠠᠨ ᠤ ᠬᠠᠤᠯᠢ ᠪᠤᠰᠤ ᠪᠠᠷ ᠭᠤᠣᠯ ᠤᠨ ᠡᠯᠡᠰᠦ ᠮᠠᠯᠲᠠᠭᠰᠠᠨ ᠬᠡᠷᠡᠭ | 2020 ᠣᠨ ᠠᠴᠠ 2021 ᠣᠨ ᠪᠣᠯᠲᠠᠯ᠎ᠠ᠂ ᠦ᠋ ᠣᠪᠣᠭᠲᠤ ᠠᠵᠢᠯᠲᠠᠨ᠂ ᠮᠠᠰᠢᠨ ᠮᠧᠬᠠᠨᠢᠭ ᠢᠶᠠᠨ ᠵᠣᠬᠢᠶᠠᠨ ᠪᠠᠶᠢᠭᠤᠯᠵᠤ᠂ ᠵᠠᠯᠠᠶᠢᠳ ᠬᠤᠰᠢᠭᠤᠨ ᠤ | ᠴᠤᠤᠯ ᠭᠤᠤᠯ ᠤᠨ ᠵᠠᠮ ᠤᠨ ᠬᠡᠪᠴᠢᠶᠡᠨ ᠳᠤ ᠠᠭᠤᠷᠬᠠᠶ ᠮᠠᠯᠲᠠᠬᠤ ᠵᠥᠪᠰᠢᠶᠡᠷᠡᠯ ᠤᠨ ᠦᠨᠡᠮᠯᠡᠯ ᠤᠨ ᠬᠡᠪᠴᠢᠶᠡᠨ ᠠᠴᠠ ᠳᠠᠪᠠᠵᠤ 14.5 ᠲᠦᠮᠡ ᠭᠠᠷᠤᠶ ᠪᠣᠰᠤᠭ᠎ᠠ | ᠳᠥᠷᠪᠡᠯᠵᠢᠨ ᠮᠧᠲᠷ ᠬᠠᠶᠢᠷ ᠴᠢᠯᠠᠭᠤ ᠶᠢ ᠬᠠᠤᠯᠢ ᠪᠤᠰᠤ ᠪᠠᠷ ᠨᠡᠭᠡᠭᠡᠨ ᠮᠠᠯᠲᠠᠵᠤ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 510 ᠭᠠᠷᠤᠶ ᠲᠦᠮᠡᠨ | ᠲᠥᠭᠦᠷᠢᠭ ᠲᠤ ᠬᠦᠷᠴᠡᠶ᠃ 2023 ᠣᠨ ᠤ 1 ᠰᠠᠷ᠎ᠠ ᠳᠤ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ | ᠲᠣᠰ ᠬᠡᠷᠡᠭ ᠢ ᠳᠡᠩᠨᠡᠨ ᠢᠯᠡᠷᠡᠭᠦᠯᠵᠦ᠂ ᠶᠠᠯ᠎ᠠ ᠬᠢᠭᠰᠡᠨ ᠰᠡᠵᠢᠭᠳᠡᠨ ᠡᠤ ᠣᠪᠣᠭᠲᠤ ᠶᠢ ᠪᠠᠷᠢᠪᠴᠢᠯᠠᠵᠤ᠂ 3.8 ᠲᠦᠮᠡ ᠭᠠᠷᠤᠶ ᠪᠣᠰᠤᠭ᠎ᠠ ᠳᠥᠷᠪᠡᠯᠵᠢᠨ ᠮᠧᠲᠷ | ᠭᠤᠤᠯ ᠤᠨ ᠡᠯᠡᠰᠦ ᠶᠢ ᠪᠠᠶᠢᠴᠠᠭᠠᠨ ᠢᠯᠡᠷᠡᠭᠦᠯᠵᠦ᠂ ᠴᠤᠤᠯ ᠭᠤᠤᠯ ᠤᠨ ᠤᠷᠤᠰᠬᠠᠯ ᠤᠨ ᠲᠣᠭᠲᠠᠭᠤᠨ ᠪᠠ ᠠᠮᠢ ᠠᠬᠤᠶ ᠶᠢᠨ ᠠᠮᠤᠷ ᠲᠦᠪᠰᠢᠨ ᠢ ᠪᠠᠲᠤᠯᠠᠭᠰᠠᠨ | ᠪᠠᠶᠢᠨ᠎ᠠ᠃ | 4. ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠢᠦᠶ ᠣᠪᠣᠭᠲᠤ ᠵᠡᠷᠭᠡ ᠬᠥᠮᠦᠰ ᠤᠨ ᠬᠠᠤᠯᠢ ᠪᠤᠰᠤ ᠪᠠᠷ ᠬᠠᠷ᠎ᠠ ᠰᠢᠷᠣᠶ ᠶᠢᠨ ᠬᠦᠯᠦᠷ᠎ᠡ | ᠮᠠᠯᠲᠠᠭᠰᠠᠨ ᠬᠡᠷᠡᠭ | 2021 ᠣᠨ ᠤ 12 ᠰᠠᠷ᠎ᠠ ᠠᠴᠠ 2023 ᠣᠨ ᠤ 3 ᠰᠠᠷ᠎ᠠ ᠪᠣᠯᠲᠠᠯ᠎ᠠ᠂ ᠢᠦᠶ ᠣᠪᠣᠭᠲᠤ ᠵᠡᠷᠭᠡ ᠬᠥᠮᠦᠰ ᠠᠭᠤᠷᠬᠠᠶ ᠮᠠᠯᠲᠠᠬᠤ ᠵᠥᠪᠰᠢᠶᠡᠷᠡᠯ ᠤᠨ | ᠦᠨᠡᠮᠯᠡᠯ ᠣᠯᠤᠭᠰᠠᠨ ᠥᠬᠡᠶ ᠪᠠᠶᠢᠳᠠᠯ ᠳᠣᠤᠷ᠎ᠠ᠂ ᠠᠵᠢᠯᠲᠠᠨ᠂ ᠮᠠᠰᠢᠨ ᠮᠧᠬᠠᠨᠢᠭ ᠢ ᠵᠣᠬᠢᠶᠠᠨ ᠪᠠᠶᠢᠭᠤᠯᠵᠤ ᠦᠨᠳᠦᠰᠦᠨ ᠲᠠᠷᠢᠶᠠᠨ ᠭᠠᠵᠠᠷ ᠳᠡᠭᠡᠷ᠎ᠡ ᠬᠠᠤᠯᠢ | ᠪᠤᠰᠤ ᠪᠠᠷ ᠬᠠᠷ᠎ᠠ ᠰᠢᠷᠣᠶ ᠶᠢᠨ ᠬᠦᠯᠦᠷ᠎ᠡ ᠮᠠᠯᠲᠠᠭᠤᠯᠵᠤ᠂ 38.53 ᠮᠥ ᠦᠨᠳᠦᠰᠦᠨ ᠲᠠᠷᠢᠶᠠᠨ ᠭᠠᠵᠠᠷ ᠢ ᠡᠪᠳᠡᠵᠦ᠂ ᠬᠡᠷᠡᠭ ᠲᠤ ᠬᠤᠯᠪᠣᠭᠳᠠᠭᠰᠠᠨ ᠵᠣᠭᠤᠰ ᠤᠨ | ᠲᠤᠭ᠎ᠠ ᠨᠢ 128 ᠲᠦᠮᠡᠨ ᠲᠥᠭᠦᠷᠢᠭ ᠲᠤ ᠬᠦᠷᠴᠡᠶ᠃ 2023 ᠣᠨ ᠤ 3 ᠰᠠᠷ᠎ᠠ ᠳᠤ᠂ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠣᠰ ᠬᠡᠷᠡᠭ ᠢ ᠳᠡᠩᠨᠡᠨ ᠢᠯᠡᠷᠡᠭᠦᠯᠵᠦ᠂ 4 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ 1.28 ᠲᠦᠮᠡᠨ ᠪᠣᠰᠤᠭ᠎ᠠ | ᠳᠥᠷᠪᠡᠯᠵᠢᠨ ᠮᠧᠲᠷ ᠬᠠᠷ᠎ᠠ ᠰᠢᠷᠣᠶ ᠶᠢᠨ ᠬᠦᠯᠦᠷ᠎ᠡ ᠪᠠᠶᠢᠴᠠᠭᠠᠨ ᠭᠠᠷᠭᠠᠵᠤ᠂ ︽ᠲᠠᠷᠢᠶᠠᠨ ᠭᠠᠵᠠᠷ ᠲᠠᠬᠢ ᠮᠠᠯᠤᠷ ᠥᠲᠡᠭᠡ︾ ᠶᠢ ᠬᠦᠴᠦᠲᠡᠶ ᠬᠠᠮᠠᠭᠠᠯᠠᠪᠠ᠃ | 5. ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠲᠦᠩ ᠣᠪᠣᠭᠲᠤ ᠶᠢᠨ ᠨᠤᠲᠤᠭ ᠪᠡᠯᠴᠢᠭᠡᠷ᠂ ᠣᠶᠢᠲᠤ ᠭᠠᠵᠠᠷ ᠢ ᠬᠠᠤᠯᠢ ᠪᠤᠰᠤ ᠪᠠᠷ | ᠬᠠᠭᠠᠯᠪᠤᠷᠢᠯᠠᠭᠰᠠᠨ ᠬᠡᠷᠡᠭ | ᠲᠦᠩ ᠣᠪᠣᠭᠲᠤ ᠳᠠᠭᠠᠭᠠᠴᠢᠯᠠᠭᠰᠠᠨ ᠭᠠᠵᠠᠷ ᠰᠢᠷᠣᠶ ᠳᠤ ᠪᠠᠨ ᠬᠠᠤᠯᠢ ᠪᠤᠰᠤ ᠪᠠᠷ ᠨᠤᠲᠤᠭ ᠪᠡᠯᠴᠢᠭᠡᠷ᠂ ᠣᠶᠢᠲᠤ ᠭᠠᠵᠠᠷ ᠢ ᠬᠠᠭᠠᠯᠪᠤᠷᠢᠯᠠᠭᠰᠠᠨ ᠪᠥᠭᠡᠳ | ᠪᠤᠰᠤᠳ ᠲᠤ ᠰᠢᠯᠵᠢᠭᠦᠯᠦᠨ ᠳᠠᠭᠠᠭᠠᠴᠢᠯᠠᠭᠤᠯᠵᠤ ᠲᠠᠷᠢᠮᠠᠯ ᠤᠨ ᠵᠦᠢᠯ ᠳᠠᠷᠢᠭᠤᠯᠤᠭᠠᠳ᠂ ᠨᠤᠲᠤᠭ ᠪᠡᠯᠴᠢᠭᠡᠷ᠂ ᠣᠶᠢᠲᠤ ᠭᠠᠵᠠᠷ ᠤᠨ ᠤᠤᠯ ᠤᠨ ᠤᠷᠭᠤᠮᠠᠯ ᠤᠨ | ᠬᠤᠴᠢᠯᠭ᠎ᠠ ᠶᠢ ᠡᠪᠳᠡᠵᠦ᠂ 1661.265 ᠮᠦ ᠨᠤᠲᠤᠭ ᠪᠡᠯᠴᠢᠭᠡᠷ᠂ ᠣᠶᠢᠲᠤ ᠭᠠᠵᠠᠷ ᠲᠤ ᠬᠤᠯᠪᠣᠭᠳᠠᠭᠰᠠᠨ ᠪᠠᠶᠢᠨ᠎ᠠ᠃ 2023 ᠣᠨ ᠤ 7 ᠰᠠᠷ᠎ᠠ ᠳᠤ᠂ | ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠣᠰ ᠬᠡᠷᠡᠭ ᠢ ᠳᠡᠩᠨᠡᠨ ᠢᠯᠡᠷᠡᠭᠦᠯᠵᠦ᠂ ᠲᠦᠩ ᠣᠪᠣᠭᠲᠤ | ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ ᠬᠢᠭᠰᠡᠨ ᠠᠴᠠ ᠪᠣᠯᠵᠣ 2 ᠵᠢᠯ ᠬᠤᠭᠤᠴᠠᠭ᠎ᠠ ᠲᠠᠢ ᠬᠤᠷᠢᠬᠤ ᠪᠠᠷ ᠰᠢᠳᠬᠡᠭᠳᠡᠵᠦ᠂ | 3 ᠵᠢᠯ ᠬᠤᠶᠢᠰᠢᠯᠠᠭᠤᠯᠤᠨ᠂ 2 ᠲᠦᠮᠡᠨ ᠲᠥᠭᠦᠷᠢᠭ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠵᠦ᠂ ᠬᠠᠤᠯᠢ ᠶᠢ ᠵᠥᠷᠢᠴᠡᠵᠦ ᠣᠯᠤᠭᠰᠠᠨ 139.4 ᠲᠦᠮᠡᠨ | ᠲᠥᠭᠦᠷᠢᠭ ᠢ ᠨᠡᠬᠡᠮᠵᠢᠯᠡᠨ ᠲᠤᠰᠢᠶᠠᠯᠭᠠᠵᠠᠶ᠃ | 6. ᠲᠦᠩᠯᠢᠶᠣᠤ ᠬᠤᠲᠠ ᠶᠢᠨ ᠵᠠᠷᠤᠳ ᠬᠤᠰᠢᠭᠤᠨ ᠤ ᠰᠧ ᠣᠪᠣᠭᠲᠤ ᠶᠢᠨ ᠮᠥᠬᠦᠬᠦ ᠰᠢᠬᠠᠭᠰᠠᠨ ᠬᠤᠪᠣᠷ ᠨᠠᠨᠳᠢᠨ ᠵᠡᠷᠯᠢᠭ ᠲᠤᠷᠤᠭ ᠪᠤᠭᠤ ᠶᠢᠨ ᠡᠪᠡᠷ ᠢ | ᠬᠠᠤᠯᠢ ᠪᠤᠰᠤ ᠪᠠᠷ ᠵᠥᠭᠡᠭᠡᠪᠦᠷᠢᠯᠡᠭᠰᠡᠨ ᠬᠡᠷᠡᠭ | 2023 ᠣᠨ ᠤ 5 ᠰᠠᠷ᠎ᠠ ᠳᠤ᠂ ᠲᠦᠩᠯᠢᠶᠣᠤ ᠬᠤᠲᠠ ᠶᠢᠨ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠮᠥᠬᠦᠬᠦ ᠰᠢᠬᠠᠭᠰᠠᠨ | ᠬᠤᠪᠣᠷ ᠨᠠᠨᠳᠢᠨ ᠵᠡᠷᠯᠢᠭ ᠲᠤᠷᠤᠭ ᠪᠤᠭᠤ ᠶᠢᠨ ᠡᠪᠡᠷ ᠢ ᠬᠠᠤᠯᠢ ᠪᠤᠰᠤ ᠪᠠᠷ ᠵᠥᠭᠡᠭᠡᠪᠦᠷᠢᠯᠡᠭᠰᠡᠨ ᠬᠡᠷᠡᠭ ᠢ ᠳᠡᠩᠨᠡᠨ ᠢᠯᠡᠷᠡᠭᠦᠯᠪᠡ᠃ ᠪᠠᠶᠢᠴᠠᠭᠠᠭᠰᠠᠨ ᠢᠶᠠᠷ᠂ ᠶᠠᠯ᠎ᠠ | ᠬᠢᠭᠰᠡᠨ ᠰᠡᠵᠢᠭᠳᠡᠨ ᠰᠧ ᠣᠪᠣᠭᠲᠤ ᠵᠠᠷᠤᠳ ᠬᠤᠰᠢᠭᠤᠨ ᠤ ᠲᠤᠵᠢᠨᠬᠠᠨ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠢᠴᠢ | ᠡᠷᠬᠢᠨ ᠲᠣᠭᠤᠷᠢᠨ ᠤ ᠭᠠᠵᠠᠷ ᠠᠴᠠ ᠬᠡᠭᠡᠷ᠎ᠡ ᠶᠢᠨ ᠲᠤᠷᠤᠭ ᠪᠤᠭᠤ ᠶᠢᠨ ᠡᠪᠡᠷ ᠢ ᠬᠤᠳᠠᠯᠳᠤᠨ ᠠᠪᠤᠭᠠᠳ ᠭᠠᠳᠠᠷ ᠣᠷᠣᠨ ᠳᠤ ᠠᠪᠠᠴᠢᠵᠤ ᠪᠣᠷᠣᠯᠠᠭᠤᠯᠬᠤ ᠪᠠᠷ | ᠪᠡᠯᠡᠳᠬᠡᠵᠦ᠂ ᠰᠡᠭᠦᠯᠡᠷ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠲᠡᠭᠦᠨ ᠤ ᠬᠤᠳᠠᠯᠳᠤᠨ ᠠᠪᠤᠭᠰᠠᠨ᠂ ᠵᠥᠭᠡᠭᠡᠪᠦᠷᠢᠯᠡᠭᠰᠡᠨ ᠨᠡᠶᠢᠲᠡ 612 ᠬᠡᠭᠡᠷ᠎ᠡ ᠶᠢᠨ | ᠲᠤᠷᠤᠭ ᠪᠤᠭᠤ ᠶᠢᠨ ᠡᠪᠡᠷ ᠢ ᠪᠠᠶᠢᠴᠠᠭᠠᠨ ᠭᠠᠷᠭᠠᠵᠤ᠂ ᠬᠦᠨᠳᠦ ᠨᠢ 1900 ᠭᠠᠷᠤᠶ ᠵᠢᠩ ᠪᠠᠶᠢᠪᠠ᠃ ᠰᠧ ᠣᠪᠣᠭᠲᠤ ᠬᠤᠪᠣᠷ ᠨᠠᠨᠳᠢᠨ᠂ ᠮᠥᠬᠦᠬᠦ ᠰᠢᠬᠠᠭᠰᠠᠨ | ᠬᠡᠭᠡᠷ᠎ᠡ ᠶᠢᠨ ᠠᠮᠢᠲᠠᠨ ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯ᠎ᠠ ᠬᠢᠭᠰᠡᠨ ᠠᠴᠠ ᠪᠣᠯᠵᠤ 1 ᠵᠢᠯ ᠬᠤᠭᠤᠴᠠᠭ᠎ᠠ ᠲᠠᠢ ᠬᠤᠷᠢᠬᠤ ᠪᠠᠷ ᠰᠢᠳᠬᠡᠭᠳᠡᠵᠦ᠂ 1 ᠵᠢᠯ | ᠬᠤᠶᠢᠰᠢᠯᠠᠭᠤᠯᠤᠨ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠵᠡᠶ᠃ ᠲᠣᠰ ᠬᠡᠷᠡᠭ ᠢ ᠠᠮᠵᠢᠯᠲᠠ ᠲᠠᠢ ᠪᠠᠷ ᠳᠡᠩᠨᠡᠨ ᠢᠯᠡᠷᠡᠭᠦᠯᠦᠭᠰᠡᠨ ᠨᠢ ᠬᠡᠭᠡᠷ᠎ᠡ ᠶᠢᠨ | ᠠᠮᠢᠲᠠᠨ ᠤᠷᠭᠤᠮᠠᠯ ᠤᠨ ᠡᠬᠢ ᠪᠠᠶᠠᠯᠢᠭ ᠢ ᠬᠦᠴᠦᠲᠡᠶ ᠬᠠᠮᠠᠭᠠᠯᠠᠵᠤ᠂ ᠬᠤᠪᠣᠷ ᠨᠠᠨᠳᠢᠨ᠂ ᠮᠥᠬᠦᠬᠦ ᠰᠢᠬᠠᠭᠰᠠᠨ ᠬᠡᠭᠡᠷ᠎ᠡ ᠶᠢᠨ ᠠᠮᠢᠲᠠᠨ ᠤ ᠬᠠᠤᠯᠢ ᠶᠢ ᠵᠥᠷᠢᠴᠡᠭᠰᠡᠨ | ᠶᠠᠯᠠᠲᠤ ᠠᠵᠢᠯᠯᠠᠭ᠎ᠠ ᠶᠢ ᠪᠦᠲᠦᠮᠵᠢᠲᠡᠶ ᠪᠠᠷ ᠰᠦᠷᠳᠡᠭᠦᠯᠦᠭᠰᠡᠨ ᠪᠠᠶᠢᠨ᠎ᠠ᠃ | ᠰᠤᠷᠪᠤᠯᠵᠢᠯᠠᠭᠴᠢ᠄ ᠡᠨᠡ ᠵᠢᠯ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠮᠢ ᠠᠬᠤᠢ ᠶᠢᠨ ᠣᠷᠴᠢᠨ ᠲᠣᠭᠤᠷᠢᠨ ᠤ ᠡᠬᠢ ᠪᠠᠶᠠᠯᠢᠭ ᠤᠨ | ᠬᠦᠷᠢᠶᠡᠨ ᠳᠤ ᠶᠠᠮᠠᠷ ᠶᠠᠮᠠᠷ ᠴᠣᠬᠢᠯᠲᠠ ᠥᠭᠬᠦ ᠭᠤᠣᠯᠳᠠᠯᠭ᠎ᠠ ᠲᠠᠢ ᠪᠤᠢ︖ | ᠲᠧᠩ ᠹᠸᠢ᠄ ᠡᠨᠡ ᠵᠢᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠺᠦᠨᠯᠦ᠋ᠨ 2024︾ ︽ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ | ᠰᠠᠬᠢᠨ ᠬᠠᠮᠠᠭᠠᠯᠠᠬᠤ ᠠᠵᠢᠯᠯᠠᠭ᠎ᠠ︾ ᠪᠠ ︽ᠬᠠᠲᠤᠨ ᠭᠤᠤᠯ ᠢ ᠬᠠᠮᠠᠭᠠᠯᠠᠬᠤ︾ ᠲᠤᠰᠬᠠᠶ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠬᠠᠲᠤᠨ ᠭᠤᠤᠯ | ᠪᠠ ︽ᠨᠢᠭᠡ ᠨᠠᠭᠤᠷ ᠬᠤᠶᠠᠷ ᠲᠡᠯᠡᠶ︾ ᠶᠢᠨ ᠠᠮᠢ ᠠᠬᠤᠶ ᠶᠢᠨ ᠵᠠᠰᠠᠯᠲᠠ᠂ ᠠᠮᠢ ᠠᠬᠤᠶ ᠶᠢᠨ ᠣᠷᠴᠢᠨ ᠲᠣᠭᠤᠷᠢᠨ᠂ ᠣᠶ ᠰᠢᠭᠤᠶ ᠨᠤᠲᠤᠭ ᠪᠡᠯᠴᠢᠭᠡᠷ᠂ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠲᠤᠰᠬᠠᠶ ᠴᠣᠬᠢᠯᠲᠠ ᠥᠭᠬᠦ ᠪᠠ ᠬᠡᠷᠡᠭ ᠢ | ᠲᠥᠪᠯᠡᠷᠡᠭᠦᠯᠦᠨ ᠢᠯᠡᠷᠡᠭᠦᠯᠵᠦ ᠪᠣᠭᠤᠮᠲᠠ ᠰᠢᠪᠲᠤᠯᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠣᠷᠴᠢᠨ ᠠᠬᠤᠶ ᠶᠢ ᠪᠣᠬᠢᠷᠲᠤᠭᠤᠯᠬᠤ ᠠᠰᠠᠭᠤᠳᠠᠯ ᠳᠤ | ᠴᠢᠭᠯᠡᠭᠦᠯᠦᠨ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠠᠶᠤᠯᠲᠠᠶ | ᠬᠠᠶᠠᠭᠳᠠᠮᠠᠯ ᠪᠣᠳᠠᠰ ᠢ ᠭᠠᠳᠠᠭᠰᠢᠯᠠᠭᠤᠯᠤᠭᠰᠠᠨ᠂ ᠴᠢᠳᠬᠤᠭᠰᠠᠨ᠂ ᠰᠢᠢᠳᠪᠦᠷᠢᠯᠡᠭᠰᠡᠨ ᠵᠡᠷᠭᠡ ᠬᠥᠷᠥᠰᠥ ᠰᠢᠷᠣᠶ ᠶᠢ ᠪᠣᠬᠢᠷᠲᠤᠭᠤᠯᠤᠭᠰᠠᠨ ᠶᠠᠯᠠᠲᠤ ᠠᠵᠢᠯᠯᠠᠭ᠎ᠠ ᠳᠤ | ᠪᠦᠬᠦ ᠦᠶᠡᠯᠡᠯ ᠤᠨ ᠬᠤᠭᠤᠴᠠᠭ᠎ᠠ ᠲᠠᠢ ᠪᠠᠷ ᠴᠣᠬᠢᠯᠲᠠ ᠥᠭᠴᠦ᠂ ᠣᠷᠴᠢᠨ ᠠᠬᠤᠶ ᠶᠢᠨ ᠨᠥᠯᠥᠭᠡᠯᠡᠯ ᠤᠨ ᠦᠨᠡᠯᠡᠯᠲᠡ ᠶᠢᠨ ᠬᠠᠭᠤᠷᠮᠠᠭ ᠢᠶᠠᠷ ᠵᠣᠬᠢᠶᠠᠬᠤ ᠵᠢᠴᠢ | ᠮᠠᠰᠢᠨᠲᠤ ᠲᠡᠷᠭᠡ ᠲᠠᠢ ᠬᠤᠯᠪᠣᠭᠳᠠᠵᠤ ᠣᠷᠴᠢᠨ ᠠᠬᠤᠶ ᠶᠢ ᠪᠣᠬᠢᠷᠲᠤᠭᠤᠯᠤᠭᠰᠠᠨ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠣᠷᠴᠢᠨ ᠠᠬᠤᠶ ᠶᠢᠨ ᠶᠠᠰᠤ ᠴᠢᠨᠠᠷ ᠤᠨ ᠬᠢᠵᠠᠭᠠᠷ ᠱᠤᠭᠤᠮ ᠢ ᠰᠠᠶᠢᠲᠤᠷ ᠰᠠᠬᠢᠨ ᠬᠠᠮᠠᠭᠠᠯᠠᠨ᠎ᠠ᠃ ᠬᠠᠲᠤᠨ ᠭᠤᠣᠯ ᠪᠠ ︽ᠨᠢᠭᠡ ᠨᠠᠭᠤᠷ ᠬᠤᠶᠠᠷ ᠳᠠᠯᠠᠢ︾ | ᠵᠡᠷᠭᠡ ᠭᠤᠣᠯᠳᠠᠯᠭ᠎ᠠ ᠲᠠᠢ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠵᠠᠰᠠᠯᠲᠠ ᠶᠢᠨ ᠲᠤᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠪᠦᠬᠦ ᠰᠠᠪᠠ | ᠭᠠᠵᠠᠷ ᠳᠤ ᠬᠠᠤᠯᠢ ᠪᠤᠰᠤ ᠪᠠᠷ ᠭᠠᠵᠠᠷ ᠡᠵᠡᠯᠡᠭᠰᠡᠨ᠂ ᠬᠠᠤᠯᠢ ᠪᠤᠰᠤ ᠪᠠᠷ ᠡᠯᠡᠰᠦ ᠮᠠᠯᠲᠠᠭᠰᠠᠨ᠂ ᠬᠠᠤᠯᠢ ᠪᠤᠰᠤ ᠪᠠᠷ ᠠᠩᠨᠠᠵᠤ ᠱᠦᠭᠦᠭᠰᠡᠨ ᠵᠡᠷᠭᠡ ᠬᠠᠤᠯᠢ ᠶᠢ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠭᠤᠣᠯ ᠮᠥᠷᠡᠨ ᠨᠠᠭᠤᠷ ᠴᠥᠭᠦᠷᠥᠮ ᠤᠨ ᠴᠠᠭᠳᠠᠭᠠᠨ ᠤ ᠳᠠᠷᠤᠭ᠎ᠠ ᠶᠢᠨ ᠲᠦᠷᠢᠮ ᠪᠠ ᠴᠠᠭᠳᠠᠭᠠᠨ ᠤ | ᠶᠠᠪᠤᠳᠠᠯ ᠤᠨ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠰᠠᠬᠢᠨ ᠬᠠᠮᠠᠭᠠᠯᠠᠨ᠎ᠠ᠃ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠲᠤᠪᠤᠶᠢᠮ᠎ᠠ ᠠᠰᠠᠭᠤᠳᠠᠯ ᠳᠤ | ᠴᠢᠭᠯᠡᠭᠦᠯᠦᠨ᠂ ᠬᠡᠭᠡᠷ᠎ᠡ ᠶᠢᠨ ᠡᠮ ᠳᠤ ᠣᠷᠣᠬᠤ ᠤᠷᠭᠤᠮᠠᠯ ᠢ ᠬᠤᠯᠠᠭᠠᠶᠢᠯᠠᠨ ᠮᠠᠯᠲᠠᠬᠤ᠂ ᠬᠠᠤᠯᠢ ᠪᠤᠰᠤ ᠪᠠᠷ ᠠᠩ ᠠᠩᠨᠠᠬᠤ᠂ ᠬᠠᠷ᠎ᠠ ᠬᠥᠷᠥᠰᠥᠨ ᠤ ᠡᠬᠢ ᠪᠠᠶᠠᠯᠢᠭ ᠢ | ᠬᠤᠯᠠᠭᠠᠶᠢᠯᠠᠨ ᠮᠠᠯᠲᠠᠬᠤ᠂ ᠤᠢ ᠮᠣᠳᠣ ᠶᠢ ᠬᠤᠯᠠᠭᠠᠶᠢᠯᠠᠨ ᠣᠭᠲᠣᠯᠵᠤ ᠳᠤᠷ᠎ᠠ ᠪᠠᠷ ᠢᠶᠠᠨ ᠣᠭᠲᠣᠯᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠪᠦᠬᠦ ᠲᠠᠯ᠎ᠠ ᠪᠠᠷ ᠴᠣᠬᠢᠯᠲᠠ ᠥᠭᠴᠦ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠰᠠᠶᠢᠲᠤᠷ ᠰᠠᠬᠢᠨ ᠬᠠᠮᠠᠭᠠᠯᠠᠨ᠎ᠠ᠃ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠢ ᠡᠪᠳᠡᠭᠰᠡᠨ ᠲᠤᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠬᠤᠯᠠᠭᠠᠶᠢᠯᠠᠨ ᠮᠠᠯᠲᠠᠭᠰᠠᠨ ᠪᠠ ᠬᠡᠲᠦᠷᠡᠲᠡᠯ᠎ᠡ ᠮᠠᠯᠲᠠᠭᠰᠠᠨ᠂ ᠬᠤᠪᠣᠷ | ᠰᠢᠷᠣᠶ ᠶᠢ ᠬᠠᠤᠯᠢ ᠪᠤᠰᠤ ᠪᠠᠷ ᠨᠡᠭᠡᠭᠡᠨ ᠮᠠᠯᠲᠠᠭᠰᠠᠨ ᠵᠡᠷᠭᠡ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠪᠦᠬᠦ ᠭᠤᠭᠴᠤᠭ᠎ᠠ ᠪᠠᠷ ᠴᠣᠬᠢᠯᠲᠠ ᠥᠭᠴᠦ᠂ ᠬᠡᠪᠰᠢᠭᠰᠡᠨ ᠨᠡᠭᠦᠷᠡᠰᠦᠨ ᠤ ᠵᠠᠰᠠᠯᠲᠠ ᠶᠢ ᠲᠦᠯᠬᠢᠨ ᠠᠬᠢᠭᠤᠯᠵᠤ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ | ᠱᠤᠭᠤᠮ ᠢ ᠰᠠᠶᠢᠲᠤᠷ ᠰᠠᠬᠢᠨ ᠬᠠᠮᠠᠭᠠᠯᠠᠨ᠎ᠠ᠃ | |