ᠠᠷᠠᠳ ᠤᠨ ᠴᠠᠭᠳᠠᠭ᠎ᠠ ᠭᠠᠭᠴᠠᠭᠠᠷ ᠢᠶᠠᠨ ᠠᠮᠢᠳᠤᠷᠠᠵᠤ ᠪᠠᠶᠢᠭᠰᠠᠨ ᠨᠠᠰᠤᠲᠠᠨ ᠤ ᠭᠡᠷ ᠤᠨ ᠴᠣᠩᠬᠤ ᠶᠢ ᠡᠪᠳᠡᠨ ᠣᠷᠣᠵᠤ ᠠᠪᠤᠷᠠᠪᠠ
ᠨᠡᠶᠢᠲᠡᠯᠡᠭᠰᠡᠨ ᠴᠠᠭ᠄
2024/6/20
    4 ᠳ᠋ᠦ᠋ᠭᠡᠷ ᠰᠠᠷ᠎ᠠ ᠶᠢᠨ 22 ᠤᠨ ᠡᠳᠦᠷ ᠤᠨ 8 ᠴᠠᠭ ᠤᠨ ᠦᠶ᠎ᠡ ᠪᠠᠷ᠂ ᠲᠠᠶᠢᠹᠤᠰᠧ ᠬᠤᠰᠢᠭᠤᠨ ᠤ ᠪᠣᠤᠴᠠᠩ ᠪᠠᠯᠭᠠᠰᠤᠨ ᠤ ᠨᠢᠭᠡᠨ ᠰᠠᠭᠤᠭᠠᠯᠢᠴᠢᠳ ᠤᠨ ᠲᠣᠭᠤᠷᠢᠭ ᠲᠤ ᠭᠠᠭᠴᠠᠭᠠᠷ ᠢᠶᠠᠷ ᠢᠶᠠᠨ ᠠᠮᠢᠳᠤᠷᠠᠵᠤ ᠪᠠᠶᠢᠭᠰᠠᠨ ᠨᠢᠭᠡᠨ ᠨᠠᠰᠤᠲᠠᠨ ᠭᠡᠨᠡᠳᠲᠡ ᠡᠪᠡᠳᠴᠢᠯᠡᠵᠦ ᠬᠥᠳᠡᠯᠬᠦ ᠶᠢᠨ ᠠᠷᠭ᠎ᠠ ᠥᠬᠡᠶ ᠪᠣᠯᠵᠣ᠂ ᠪᠠᠶᠢᠳᠠᠯ ᠲᠦᠢᠯ ᠤᠨ ᠠᠶᠤᠯᠲᠠᠶ ᠪᠠᠶᠢᠪᠠ᠃ ᠵᠣᠯ ᠢᠶᠠᠷ᠂ ᠴᠠᠭ ᠲᠤᠬᠠᠢ ᠳᠤ ᠨᠢ ᠴᠠᠭᠳᠠᠭ᠎ᠠ ᠳᠤ ᠮᠡᠳᠡᠭᠦᠯᠵᠦ ᠲᠤᠰᠠᠯᠠᠮᠵᠢ ᠭᠤᠶᠤᠭᠰᠠᠨ ᠠᠴᠠ᠂ ᠠᠷᠠᠳ ᠤᠨ ᠴᠠᠭᠳᠠᠭ᠎ᠠ ᠨᠠᠰᠤᠲᠠᠨ ᠤ ᠭᠡᠷ ᠤᠨ ᠴᠣᠩᠬᠤ ᠶᠢ ᠡᠪᠳᠡᠨ ᠪᠠᠴᠢᠮ ᠠᠪᠤᠷᠠᠯᠲᠠ ᠬᠢᠵᠦ᠂ ᠨᠠᠰᠤᠲᠠᠨ ᠤ ᠠᠪᠤᠷᠠᠯᠲᠠ ᠳᠤ ᠨᠠᠨᠳᠢᠨ ᠴᠠᠭ ᠣᠯᠭᠤᠭᠰᠠᠨ ᠪᠠᠶᠢᠨ᠎ᠠ᠃
微信图片_20240426103603.jpg  
     ᠲᠤᠰ ᠡᠳᠦᠷ᠂ ᠪᠤᠤᠴᠠᠩ ᠪᠠᠯᠭᠠᠰᠤᠨ ᠤ ᠬᠤᠶᠠᠳᠤᠭᠠᠷ ᠲᠣᠮᠢᠯᠠᠭᠰᠠᠨ ᠰᠠᠯᠪᠤᠷᠢ ᠶᠢᠨ ᠵᠢᠵᠢᠭᠦᠷᠯᠡᠭᠴᠢ ᠴᠠᠭᠳᠠᠭ᠎ᠠ 110 ᠵᠢᠯᠤᠭᠤᠳᠬᠤ ᠲᠥᠪ ᠤᠨ ᠴᠠᠭᠳᠠᠭ᠎ᠠ ᠲᠤᠮᠢᠯᠠᠬᠤ ᠤᠳᠠᠰᠣ ᠶᠢ ᠲᠣᠰᠬᠤ ᠳᠤ᠄ ᠪᠤᠤᠴᠠᠩ ᠪᠠᠯᠭᠠᠰᠤᠨ ᠤ ᠨᠢᠭᠡᠨ ᠰᠠᠭᠤᠭᠠᠯᠢᠴᠢᠳ ᠤᠨ ᠲᠣᠭᠤᠷᠢᠭ ᠤᠨ ᠨᠢᠭᠡ ᠨᠠᠰᠤᠲᠠᠨ ᠭᠡᠳᠡᠰᠦ ᠨᠢ ᠡᠪᠡᠳᠴᠦ ᠴᠢᠰᠤ ᠪᠠᠷ ᠪᠠᠭᠠᠵᠤ᠂ 120 ᠪᠠᠴᠢᠮ ᠠᠪᠤᠷᠠᠯᠳᠠ ᠶᠢᠨ ᠤᠲᠠᠰᠤ ᠵᠠᠯᠭᠠᠭᠰᠠᠨ ᠳᠤ᠂ ᠡᠮᠨᠡᠯᠭᠡ ᠶᠢᠨ ᠬᠤᠷᠢᠶᠠᠨ ᠤ ᠠᠵᠢᠯᠲᠠᠨ ᠲᠤᠰ ᠨᠠᠰᠤᠲᠠᠨ ᠲᠠᠢ ᠬᠠᠷᠢᠯᠴᠠᠵᠤ ᠳᠡᠶᠢᠯᠬᠦ ᠦᠭᠡᠢ ᠪᠣᠯᠬᠤᠷ 110 ᠲᠥᠭᠰᠢᠭᠦᠷᠢ ᠮᠡᠳᠡᠭᠦᠯᠦᠯᠳᠡ ᠶᠢᠨ ᠲᠠᠪᠴᠠᠩ ᠳᠤ ᠬᠡᠷᠡᠭ ᠮᠡᠳᠡᠭᠦᠯᠪᠡ᠃ ᠴᠠᠭᠳᠠᠭ᠎ᠠ ᠲᠤᠮᠢᠯᠠᠬᠤ ᠤᠳᠠᠰᠣ ᠶᠢ ᠲᠣᠰᠣᠭᠰᠠᠨ ᠤ ᠲᠠᠷᠠᠭ᠎ᠠ᠂ ᠪᠤᠤᠴᠠᠩ ᠤᠨ ᠬᠤᠶᠠᠳᠤᠭᠠᠷ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠳᠠᠷᠤᠢ ᠲᠦᠷᠭᠡᠨ ᠬᠥᠳᠡᠯᠦᠯᠴᠡᠨ ᠲᠤᠬᠠᠢ ᠶᠢᠨ ᠲᠠᠯᠠᠪᠠᠢ ᠳᠤ ᠬᠦᠷᠴᠦ᠂ ᠨᠠᠰᠤᠲᠠᠨ ᠤ ᠭᠡᠷ ᠨᠢᠭᠡᠳᠦᠭᠡᠷ ᠳᠠᠪᠬᠤᠷ ᠲᠤ ᠪᠠᠶᠢᠵᠤ᠂ ᠰᠡᠷᠭᠡᠶᠢᠯᠡᠯᠲᠡ ᠶᠢᠨ ᠬᠡᠷᠡᠰᠬᠡ ᠲᠠᠭᠠᠷᠠᠭᠤᠯᠤᠭᠰᠠᠨ ᠴᠣᠩᠬᠤ ᠶᠢ ᠨᠢ ᠬᠠᠪᠴᠢᠭᠤᠷ ᠪᠣᠯᠤᠨ ᠬᠥᠰᠢᠭᠦᠷ ᠢᠶᠠᠷ ᠡᠪᠳᠡᠨ ᠣᠷᠣᠪᠠ᠃ ᠴᠠᠭᠳᠠᠭ᠎ᠠ ᠵᠣᠴᠢᠨ ᠤ ᠥᠷᠥᠭᠡᠨ ᠳᠤ ᠪᠠᠨ ᠣᠶᠢᠴᠢᠭᠰᠠᠨ ᠨᠠᠰᠤᠲᠠᠨ ᠤ ᠬᠠᠴᠠᠷ ᠳᠡᠭᠡᠷ᠎ᠡ ᠨᠢ ᠪᠠᠭ᠎ᠠ ᠬᠡᠮᠵᠢᠶᠡᠨ ᠤ ᠴᠢᠰᠤᠨ ᠤ ᠣᠷᠣᠮ ᠲᠠᠢ᠂ ᠳᠠᠭᠤ ᠨᠢ ᠰᠤᠯᠠ ᠲᠣᠷᠣᠢ᠂ ᠬᠥᠳᠡᠯᠬᠦ ᠶᠢᠨ ᠠᠷᠭ᠎ᠠ ᠦᠭᠡᠢ᠂ ᠵᠣᠯ ᠢᠶᠠᠷ ᠪᠠᠰᠠ ᠵᠢᠭᠠᠬᠠᠨ ᠰᠡᠬᠡᠭᠡ ᠲᠠᠢ ᠪᠠᠶᠢᠯ᠎ᠠ᠃ ᠴᠠᠭᠳᠠᠭ᠎ᠠ ᠨᠢᠭᠡ ᠲᠠᠯ᠎ᠠ ᠪᠠᠷ ᠨᠠᠰᠤᠲᠠᠨ ᠤ ᠪᠠᠶᠢᠳᠠᠯ ᠢ ᠠᠰᠠᠭᠤᠵᠤ᠂ ᠨᠥᠭᠦᠭᠡ ᠲᠠᠯ᠎ᠠ ᠪᠠᠷ ᠪᠠᠴᠢᠮ ᠠᠪᠤᠷᠠᠯᠳᠠ ᠶᠢᠨ ᠡᠮᠴᠢ ᠲᠠᠢ ᠬᠦᠴᠦ ᠪᠠᠨ ᠬᠠᠮᠲᠤᠳᠬᠠᠨ ᠨᠠᠰᠤᠲᠠᠨ ᠢ 120 ᠲᠦᠷᠭᠡᠨ ᠠᠪᠤᠷᠠᠯᠳᠠ ᠶᠢᠨ ᠲᠡᠷᠭᠡᠨ ᠳᠤ ᠭᠠᠷᠭᠠᠵᠤ ᠡᠮᠨᠡᠯᠭᠡ ᠳᠤ ᠬᠦᠷᠭᠡᠪᠡ᠃  
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ