ᠭᠦᠢᠯᠡᠰᠦᠨ ᠴᠡᠴᠡᠭ ᠤᠨ ᠨᠠᠶᠢᠷ ᠢᠶᠠᠷ ᠠᠵᠠ ᠲᠣᠬᠢᠶᠠᠯ ᠪᠣᠯᠭᠠᠨ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠠᠶᠠᠯᠠᠯ︾ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/20
    4 ᠳ᠋ᠦ᠋ᠭᠡᠷ ᠰᠠᠷ᠎ᠠ ᠶᠢᠨ 23 ᠤ ᠦᠳᠡ ᠶᠢᠨ ᠡᠮᠦᠨ᠎ᠡ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ᠂ ᠬᠤᠲᠣᠩ ᠠᠷᠠᠳ ᠤᠨ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠠᠷᠠᠳ ᠤᠨ ᠴᠠᠭᠳᠠᠭ᠎ᠠ ᠬᠤᠲᠣᠩ ᠠᠷᠠᠳ ᠤᠨ ᠲᠣᠭᠤᠷᠢᠭ ᠤᠨ ᠶᠦᠮ ᠤᠨ ᠪᠠᠶᠢᠰᠢᠩ ᠪᠠᠯᠭᠠᠰᠤᠨ ᠤ ᠵᠡᠭᠦᠨ ᠤᠰᠤᠲᠤ ᠲᠣᠰᠬᠤᠨ ᠤ ᠭᠦᠢᠯᠡᠰᠦᠨ ᠴᠡᠴᠡᠭ ᠤᠨ ᠭᠤᠤ ᠶᠢᠨ ᠦᠵᠡᠮᠵᠢ ᠶᠢᠨ ᠣᠷᠣᠨ ᠳᠤ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠠᠶᠠᠯᠠᠯ︾ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢ ᠦᠪᠡᠳᠡᠭᠰᠢ ᠶᠡᠭᠡ ᠪᠠᠷ ᠥᠷᠨᠢᠭᠦᠯᠪᠡ᠃
图片7.jpg  
    ᠤᠬᠠᠭᠤᠯᠭ᠎ᠠ ᠶᠢᠨ ᠠᠷᠠᠳ ᠤᠨ ᠴᠠᠭᠳᠠᠭ᠎ᠠ ᠲᠣᠰᠬᠤᠨ ᠤ ᠠᠷᠠᠳ ᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠬᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠨᠢᠭᠤᠷᠲᠠᠨ ᠤᠬᠠᠭᠤᠯᠤᠨ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠥᠷᠭᠡᠨ ᠣᠯᠠᠨ ᠲᠣᠰᠬᠤᠨ ᠤ ᠠᠷᠠᠳ ᠲᠤ ᠮᠠᠰᠢᠨᠲᠤ ᠲᠡᠷᠭᠡ᠂ ᠮᠣᠲ᠋ᠣᠷ ᠲᠡᠷᠭᠡ ᠪᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠬᠡᠷᠡᠭᠯᠡᠬᠦ ᠳᠤ ᠠᠮᠤᠷ ᠲᠦᠪᠰᠢᠨ ᠤ ᠳᠤᠭᠤᠯᠠᠭ᠎ᠠ ᠵᠡᠭᠦᠬᠦ ᠥᠬᠡᠶ᠂ ᠦᠨᠡᠮᠯᠡᠯ ᠥᠬᠡᠶ ᠪᠠᠷ ᠵᠢᠯᠣᠭᠤᠳᠬᠤ᠂ ᠲᠠᠷᠢᠶᠠᠯᠠᠩ ᠳᠤ ᠬᠡᠷᠡᠭᠯᠡᠬᠦ ᠲᠡᠷᠭᠡ ᠶᠢ ᠬᠠᠤᠯᠢ ᠠᠴᠠ ᠵᠥᠷᠢᠴᠡᠨ ᠬᠥᠮᠦᠨ ᠲᠡᠭᠡᠭᠡᠪᠦᠷᠢᠯᠡᠬᠦ᠂ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠣᠭᠤᠳᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠤᠤᠷ ᠬᠥᠨᠥᠭᠡᠯ ᠪᠠ ᠦᠷ᠎ᠡ ᠳ᠋ᠦᠩ ᠢ ᠲᠠᠶᠢᠯᠪᠤᠷᠢᠯᠠᠨ ᠥᠭᠴᠦ᠂ ︽ᠨᠢᠭᠡ ᠳᠤᠭᠤᠯᠠᠭ᠎ᠠ ᠨᠢᠭᠡ ᠪᠦᠰᠡ︾ ᠶᠢ ᠵᠥᠪ ᠵᠡᠭᠦᠬᠦ ᠶᠢᠨ ᠴᠢᠬᠤᠯᠠ ᠴᠢᠨᠠᠷ ᠢ ᠵᠠᠳᠠᠯᠪᠠ᠃
图片13.jpg   
    ᠠᠷᠠᠳ ᠤᠨ ᠴᠠᠭᠳᠠᠭ᠎ᠠ ᠦᠵᠡᠮᠵᠢ ᠶᠢᠨ ᠣᠷᠣᠨ ᠤ ᠣᠨᠴᠠᠯᠢᠭ ᠲᠠᠢ ᠤᠶᠠᠯᠳᠤᠭᠤᠯᠤᠨ᠂ ᠵᠤᠭᠠᠴᠠᠭᠰᠠᠳ ᠤᠨ ᠲᠡᠷᠭᠡ ᠪᠠ ᠴᠠᠬᠢᠯᠭᠠᠨ ᠬᠥᠳᠡᠯᠭᠡᠭᠦᠷᠲᠦ ᠲᠡᠷᠭᠡ ᠵᠡᠷᠭᠡ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠤᠨ ᠠᠮᠤᠷ ᠲᠦᠪᠰᠢᠨ ᠤ ᠠᠰᠠᠭᠤᠳᠠᠯ ᠳᠤ ᠴᠢᠭᠯᠡᠭᠦᠯᠦᠨ ᠭᠤᠤᠯᠳᠠᠯᠭ᠎ᠠ ᠲᠠᠢ ᠤᠬᠠᠭᠤᠯᠭ᠎ᠠ ᠬᠢᠵᠦ᠂ ᠵᠤᠭᠠᠴᠠᠭᠰᠠᠳ ᠪᠠ ᠵᠢᠯᠣᠭᠤᠴᠢ ᠳᠤ ᠬᠥᠮᠦᠨ ᠤ ᠲᠤᠭ᠎ᠠ ᠠᠴᠠ ᠬᠡᠲᠦᠷᠡᠬᠦ᠂ ᠬᠤᠷᠳᠤᠴᠠ ᠠᠴᠠ ᠬᠡᠲᠦᠷᠡᠬᠦ᠂ ᠠᠷᠢᠬᠢ ᠤᠤᠭᠤᠭᠠᠳ ᠲᠡᠷᠭᠡ ᠵᠢᠯᠣᠭᠤᠳᠬᠤ᠂ ᠶᠠᠳᠠᠷᠠᠯ ᠲᠠᠢ ᠪᠠᠷ ᠲᠡᠷᠭᠡ ᠵᠢᠯᠣᠭᠤᠳᠬᠤ᠂ ᠳᠤᠭᠤᠯᠠᠭ᠎ᠠ ᠵᠡᠭᠦᠬᠦ ᠥᠬᠡᠶ ᠠᠶᠤᠯ ᠦᠭᠡᠢ ᠶᠢᠨ ᠪᠦᠰᠡ ᠪᠦᠰᠡᠯᠡᠬᠦ ᠦᠭᠡᠢ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠤᠤᠷ ᠬᠥᠨᠥᠭᠡᠯ ᠢ ᠲᠠᠶᠢᠯᠪᠤᠷᠢᠯᠠᠨ ᠥᠭᠬᠦ ᠶᠢᠨ ᠬᠠᠮᠲᠤ ᠵᠢᠭᠤᠯᠴᠢᠯᠠᠭᠴᠢᠳ ᠲᠤ ᠵᠠᠮ ᠬᠠᠷᠢᠯᠴᠠᠭᠠᠨ ᠤ ᠲᠦᠷᠢᠮ ᠲᠣᠭᠲᠠᠭᠠᠯ ᠢ ᠵᠢᠷᠤᠮᠯᠠᠨ ᠰᠠᠬᠢᠵᠤ᠂ ᠠᠮᠤᠷ ᠲᠦᠪᠰᠢᠨ ᠢ ᠠᠩᠬᠠᠷᠬᠤ ᠬᠡᠷᠡᠭᠲᠡᠶ ᠭᠡᠵᠦ ᠰᠠᠨᠠᠭᠤᠯᠪᠠ᠃   ᠠᠷᠠᠳ ᠤᠨ ᠴᠠᠭᠳᠠᠭ᠎ᠠ ᠪᠠᠰᠠ ᠰᠤᠷᠬᠤ ᠨᠠᠰᠤᠨ ᠠᠴᠠ ᠡᠮᠦᠨᠡᠬᠢ ᠬᠡᠤᠬᠡᠳ ᠢ ᠵᠣᠬᠢᠶᠠᠨ ᠪᠠᠶᠢᠭᠤᠯᠵᠤ᠂ ︽ᠠᠶᠤᠯ ᠲᠦᠭᠰᠢᠭᠦᠷᠢ ᠶᠢ ᠮᠡᠳᠡᠭᠰᠡᠨ ᠤ ᠳᠠᠷᠠᠭ᠎ᠠ ᠠᠶᠤᠯ ᠠᠴᠠ ᠵᠠᠶᠢᠯᠠᠵᠤ ᠴᠢᠳᠠᠬᠤ︾ ᠪᠠᠷ ᠭᠠᠷᠳᠠᠴᠠ ᠪᠣᠯᠭᠠᠵᠤ᠂ ᠠᠰᠠᠭᠤᠯᠲᠠ ᠬᠠᠷᠢᠭᠤᠯᠲᠠ ᠬᠠᠷᠢᠭᠤᠯᠬᠤ ᠬᠡᠯᠪᠡᠷᠢ ᠪᠠᠷ ᠬᠡᠤᠬᠡᠳ ᠢ ᠳᠠᠭᠠᠭᠤᠯᠤᠨ ᠵᠠᠮ ᠬᠠᠷᠢᠯᠴᠠᠭᠠᠨ ᠤ ᠫᠠᠶᠢᠰᠠ ᠲᠡᠮᠳᠡᠭ᠂ ᠳᠣᠬᠢᠶᠠᠨ ᠳ᠋ᠧᠩ᠂ ᠵᠠᠮ ᠨᠡᠪᠲᠡᠷᠡᠯᠭᠡ ᠶᠢᠨ ᠵᠠᠷᠴᠢᠮ ᠢ ᠲᠠᠨᠢᠭᠤᠯᠤᠨ᠂ ᠬᠡᠤᠬᠡᠳ ᠢ ᠭᠠᠳᠠᠭᠰᠢ ᠭᠠᠷᠬᠤ ᠳᠤ ᠡᠷᠬᠡᠪᠰᠢ ᠵᠠᠮ ᠬᠠᠷᠢᠯᠴᠠᠭᠠᠨ ᠤ ᠲᠦᠷᠢᠮ ᠢ ᠵᠢᠷᠤᠮᠯᠠᠵᠤ᠂ ᠵᠠᠮ ᠬᠠᠷᠢᠯᠴᠠᠭᠠᠨ ᠤ ᠮᠠᠭᠤ ᠳᠠᠳᠬᠠᠯ ᠢ ᠲᠡᠪᠴᠢᠨ᠂ ᠵᠠᠮ ᠬᠠᠷᠢᠯᠴᠠᠭᠠᠨ ᠤ ᠰᠠᠶᠢᠨ ᠰᠠᠶᠢᠬᠠᠨ ᠠᠮᠤᠷ ᠲᠦᠪᠰᠢᠨ ᠤ ᠤᠬᠠᠮᠰᠠᠷ ᠢ ᠪᠣᠶ ᠪᠣᠯᠭᠠᠬᠤ ᠶᠢ ᠤᠬᠠᠭᠤᠯᠪᠠ᠃  
ᠢᠷᠡᠯᠲᠡ᠄ ᠬᠦᠬᠡᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ