4 ᠳ᠋ᠦ᠋ᠭᠡᠷ ᠰᠠᠷ᠎ᠠ ᠶᠢᠨ 25 ᠤ ᠡᠳᠦᠷ᠂ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ᠂ | ︽ᠠᠶᠤᠯ ᠲᠦᠭᠰᠢᠭᠦᠷᠢ ᠶᠢ ᠮᠡᠳᠡᠭᠰᠡᠨ ᠤ ᠳᠠᠷᠠᠭ᠎ᠠ ᠠᠶᠤᠯ ᠠᠴᠠ ᠵᠠᠶᠢᠯᠠᠬᠤ︾ ᠵᠠᠮ ᠬᠠᠷᠢᠯᠴᠠᠭᠠᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠬᠦ | ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠬᠦᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | ᠬᠠᠷᠢᠶᠠᠲᠤ ᠣᠷᠣᠨ ᠤ ᠲᠡᠮᠦᠷ ᠵᠠᠮ ᠤᠨ ᠬᠤᠶᠠᠳᠤᠭᠠᠷ ᠳᠤᠮᠳᠠᠳᠤ ᠰᠤᠷᠭᠠᠭᠤᠯᠢ ᠳᠤ ᠬᠦᠷᠴᠦ᠂ 130 ᠰᠤᠷᠤᠭᠴᠢᠳ ᠢ ᠵᠣᠬᠢᠶᠠᠨ ᠪᠠᠶᠢᠭᠤᠯᠵᠤ ︽ᠲᠡᠷᠭᠡ | ᠬᠥᠭᠯᠡᠭᠦᠯᠦᠨ ᠵᠡᠭᠡᠯᠢ ᠦᠢᠮᠡᠭᠦᠯᠬᠦ︾ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ | ᠳᠤᠮᠳᠠ᠂ ᠠᠷᠠᠳ ᠤᠨ ᠴᠠᠭᠳᠠᠭ᠎ᠠ ᠮᠣᠲ᠋ᠣᠷ ᠲᠡᠷᠭᠡᠨ ᠤ ᠨᠡᠶᠢᠲᠡᠯᠢᠭ ᠬᠡᠷᠡᠭ ᠤᠨ ᠵᠢᠱᠢᠶ᠎ᠡ ᠶᠢᠨ ᠸᠢᠳᠢᠤ᠋ ᠨᠡᠪᠲᠡᠷᠡᠭᠦᠯᠬᠦ ᠪᠠᠷ ᠳᠠᠮᠵᠢᠭᠤᠯᠤᠨ᠂ ᠴᠢᠰᠤᠨ ᠰᠤᠷᠭᠠᠮᠵᠢ ᠪᠠᠷ | ᠲᠤᠬᠠᠶ ᠶᠢᠨ ᠲᠠᠯᠠᠪᠤᠷ ᠤᠨ ᠰᠤᠷᠤᠭᠴᠢᠳ ᠤᠨ ᠠᠩᠬᠠᠷᠤᠯ ᠢ ᠲᠠᠲᠠᠪᠠ᠃ ᠠᠷᠠᠳ ᠤᠨ ᠴᠠᠭᠳᠠᠭ᠎ᠠ ᠶᠠᠪᠠᠭᠠᠨ ᠬᠥᠮᠦᠨ ᠤ ᠠᠮᠤᠷ ᠲᠦᠪᠰᠢᠨ᠂ ᠲᠡᠷᠭᠡᠨ ᠳᠤ ᠰᠠᠭᠤᠬᠤ | ᠠᠮᠤᠷ ᠲᠦᠪᠰᠢᠨ᠂ ᠲᠡᠷᠭᠡ ᠤᠨᠤᠬᠤ ᠠᠮᠤᠷ ᠲᠦᠪᠰᠢᠨ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠬᠠᠮᠢᠶᠠᠷᠤᠯᠲᠠ᠂ ᠨᠢᠭᠡ ᠳᠤᠭᠤᠯᠠᠭ᠎ᠠ ᠨᠢᠭᠡ ᠪᠦᠰᠡ᠂ ᠵᠠᠮ | ᠬᠠᠷᠢᠯᠴᠠᠭᠠᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠲᠠᠯ᠎ᠠ ᠪᠠᠷ ᠰᠤᠷᠤᠭᠴᠢᠳ ᠲᠤ ᠨᠠᠷᠢᠨ ᠲᠠᠶᠢᠯᠤᠮᠵᠢ ᠬᠢᠵᠦ᠂ ᠬᠢᠯᠪᠠᠷ | ᠣᠶᠢᠯᠠᠭᠠᠮᠵᠢᠲᠠᠶ ᠦᠭᠡ ᠬᠡᠯᠡ ᠪᠠᠷ ᠠᠮᠤᠷ ᠲᠦᠪᠰᠢᠨ ᠤ ᠳᠠᠯᠳᠠ ᠬᠡᠮ ᠢ ᠤᠬᠠᠭᠤᠯᠵᠤ᠂ ᠰᠤᠷᠤᠭᠴᠢᠳ ᠲᠤ ᠡᠷᠬᠡᠪᠰᠢ ᠵᠠᠮ ᠬᠠᠷᠢᠯᠴᠠᠭᠠᠨ ᠤ ᠲᠦᠷᠢᠮ ᠲᠣᠭᠲᠠᠭᠠᠯ ᠢ | ᠵᠢᠷᠤᠮᠯᠠᠵᠤ᠂ ᠠᠮᠤᠷ ᠲᠦᠪᠰᠢᠨ ᠪᠣᠯᠪᠠᠰᠤᠨ ᠢᠶᠠᠷ ᠠᠶᠠᠯᠠᠬᠤ ᠶᠢ ᠰᠠᠨᠠᠭᠤᠯᠪᠠ᠃ ᠡᠭᠦᠨ ᠠᠴᠠ ᠭᠠᠳᠠᠨ᠎ᠠ ᠢᠦᠶᠢᠴᠢᠤᠸᠠᠨ ᠲᠤᠭᠤᠷᠢᠭ᠂ ᠬᠤᠷᠢᠨᠭᠡᠷ ᠰᠢᠶᠠᠨ᠂ | ᠦᠴᠦᠸᠠᠨ ᠰᠢᠶᠠᠨ ᠲᠤᠰ ᠲᠤᠰ ︽ᠲᠡᠷᠭᠡ ᠬᠥᠭᠯᠡᠭᠦᠯᠦᠨ ᠵᠡᠭᠡᠯᠢ ᠦᠢᠮᠡᠭᠦᠯᠬᠦ︾ ᠲᠤᠬᠠᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | | | ᠬᠥᠬᠡᠬᠤᠲᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠬᠠᠯᠠᠭᠤᠨ ᠳᠣᠲᠣᠨᠣ ᠰᠠᠨᠠᠭᠤᠯᠤᠮᠵᠢ᠄ ᠵᠠᠰᠠᠮᠠᠯ ᠵᠠᠮ ᠢᠶᠠᠷ ᠶᠠᠭᠠᠬᠢᠭᠰᠠᠨ ᠴᠤ ᠤᠷᠤᠯᠳᠤᠭᠠᠨ ᠤ ᠲᠠᠯᠠᠪᠤᠷ | ᠪᠣᠯᠭᠠᠵᠤ ᠪᠣᠯᠬᠤ ᠦᠭᠡᠢ︕ ᠳᠠᠭᠤ ᠱᠤᠤᠭᠢᠶᠠᠨ ᠢ ᠳᠡᠪᠴᠢᠵᠦ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠦᠭᠡᠢ᠂ ᠬᠥᠬᠡᠬᠤᠲᠠ ᠶᠢᠨ ᠵᠠᠮ ᠬᠠᠷᠢᠯᠴᠠᠭᠠᠨ ᠤ | ᠴᠠᠭᠳᠠᠭ᠎ᠠ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠨ᠂ ︽ᠲᠡᠷᠭᠡ ᠬᠥᠭᠯᠡᠭᠦᠯᠦᠨ ᠵᠡᠭᠡᠯᠢ ᠦᠢᠮᠡᠭᠦᠯᠬᠦ︾ ᠵᠡᠷᠭᠡ ᠬᠠᠤᠯᠢ ᠠᠴᠠ ᠵᠥᠷᠢᠴᠡᠭᠰᠡᠨ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠤᠷ ᠲᠥᠪᠰᠢᠨ ᠪᠣᠯᠪᠠᠰᠤᠨ ᠡᠶ᠎ᠡ ᠵᠣᠬᠢᠴᠠᠯ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠦᠬᠦ | ᠬᠦᠴᠦᠨ ᠢᠶᠠᠷ ᠢᠶᠠᠨ ᠪᠣᠢ ᠪᠣᠯᠭᠠᠰᠤᠭᠠᠢ᠃ | |