ᠬᠦᠬᠡᠬᠤᠲᠠ ᠶᠢᠨ ᠵᠠᠮ ᠬᠠᠷᠢᠯᠴᠠᠭᠠᠨ ᠤ ᠴᠠᠭᠳᠠᠭ᠎ᠠ 2024 ᠣᠨ ᠳᠤ ᠬᠦᠬᠢᠭᠦᠯᠦᠨ ᠰᠠᠶᠢᠰᠢᠶᠠᠭᠰᠠᠨ ᠠᠵᠢᠯ ᠤᠨ ᠬᠠᠭᠤᠳᠠᠰᠤ ᠶᠢ 42 ᠬᠤᠪᠢ ᠬᠦᠯᠢᠶᠡᠨ ᠠᠪᠴᠤ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠦᠯᠢᠭᠡᠷ ᠳᠠᠭᠤᠷᠢᠶᠠᠯ ᠤᠨ ᠬᠦᠴᠦᠨ ᠢ ᠳᠠᠮᠵᠢᠭᠤᠯᠪᠠ
ᠨᠡᠶᠢᠲᠡᠯᠡᠭᠰᠡᠨ ᠴᠠᠭ᠄
2024/6/20
    2024 ᠣᠨ ᠤ 3 ᠳ᠋ᠤᠭᠠᠷ ᠰᠠᠷ᠎ᠠ ᠠᠴᠠ ᠨᠠᠭᠠᠰᠢ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠵᠠᠮ ᠬᠠᠷᠢᠯᠴᠠᠭᠠᠨ ᠤ ᠠᠳᠡᠯ ᠢ ᠲᠦᠷᠭᠡᠨ ᠪᠥᠭᠡᠳ ᠲᠥᠪ ᠭᠤᠣᠯᠴᠢ ᠶᠢ ᠲᠥᠪᠯᠡᠷᠡᠭᠦᠯᠦᠨ ᠲᠤᠰᠬᠠᠭᠰᠠᠨ ᠬᠦᠬᠢᠭᠦᠯᠦᠨ ᠰᠠᠶᠢᠰᠢᠶᠠᠭᠰᠠᠨ ᠠᠵᠢᠯ ᠤᠨ ᠬᠠᠭᠤᠳᠠᠰᠤ ᠶᠢ 42 ᠬᠤᠪᠢ ᠬᠤᠷᠢᠶᠠᠨ ᠣᠯᠵᠤ᠂ ᠲᠡᠷᠭᠡᠨ ᠤ ᠬᠠᠮᠢᠶᠠᠷᠤᠯᠲᠠ ᠶᠢᠨ ᠴᠤᠩᠬᠤᠪᠴᠢ ᠦᠢᠯᠡᠴᠢᠯᠡᠭᠡ ᠬᠠᠩᠭᠠᠯᠲᠠᠲᠠᠢ ᠪᠠᠶᠢᠵᠤ᠂ ᠨᠢᠭᠡᠳᠦᠭᠡᠷ ᠹᠷᠣᠨᠲ ᠤᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷᠢᠨ ᠬᠢᠨᠠᠮᠠᠭᠠᠢ ᠵᠠᠮ ᠬᠠᠷᠢᠯᠴᠠᠭ᠎ᠠ ᠶᠢ ᠢᠳᠡᠪᠬᠢᠲᠡᠢ ᠰᠢᠯᠤᠭᠤᠳᠬᠠᠵᠤ᠂ ᠪᠤᠰᠤᠳ ᠢ ᠬᠠᠪᠰᠤᠷᠤᠨ᠂ ᠣᠷᠣᠨ ᠤ ᠲᠥᠪ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠶᠢᠨ ᠠᠷᠠᠳ ᠲᠦᠮᠡᠨ ᠳᠤ ᠦᠢᠯᠡᠴᠢᠯᠡᠬᠦ᠂ ᠬᠠᠷᠠᠮ ᠦᠭᠡᠢ ᠵᠣᠷᠢᠭᠤᠯᠬᠤ ᠰᠠᠶᠢᠨ ᠰᠠᠶᠢᠬᠠᠨ ᠲᠦᠷᠢ ᠲᠥᠷᠬᠦ ᠶᠢ ᠢᠯᠡᠷᠡᠭᠦᠯᠪᠡ᠃
图片10.jpg  
    ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ︽ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ︾ ᠠᠷᠠᠳ ᠤᠨ ᠴᠠᠭᠳᠠᠭ᠎ᠠ ᠠᠴᠠ᠂ ᠬᠥᠬᠢᠭᠦᠯᠦᠨ ᠰᠠᠶᠢᠰᠢᠶᠠᠬᠤ ᠠᠵᠢᠯ ᠤᠨ ᠬᠠᠭᠤᠳᠠᠰᠤ ᠨᠢᠭᠡᠪᠦᠷᠢ ᠨᠢ ᠦᠯᠢᠭᠡᠷ ᠳᠠᠭᠤᠷᠢᠶᠠᠯ ᠤᠨ ᠬᠦᠴᠦᠨ ᠢ ᠳᠠᠮᠵᠢᠭᠤᠯᠵᠤ᠂ ᠥᠷᠭᠡᠨ ᠣᠯᠠᠨ ᠲᠦᠮᠡᠨ ᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠶᠢᠨ ᠠᠵᠢᠯ ᠢ ᠮᠡᠳᠡᠷᠡᠭᠰᠡᠨ ᠢᠶᠠᠷ ᠪᠠᠷᠠᠬᠤ ᠦᠭᠡᠢ᠂ ᠪᠠᠰᠠ ᠣᠯᠠᠨ ᠲᠦᠮᠡᠨ ᠤ ᠣᠯᠭᠤᠭᠰᠠᠨ ᠬᠦᠨᠳᠦ ᠱᠠᠩᠨᠠᠯ ᠪᠣᠯᠤᠨ᠎ᠠ᠃ ᠪᠢᠳᠡ ᠬᠤᠶᠢᠰᠢᠳᠠ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ᠂ ᠨᠠᠩ ᠨᠠᠷᠢᠯᠢᠭ ᠠᠷᠭ᠎ᠠ ᠬᠡᠮᠵᠢᠶ᠎ᠡ ᠪᠠᠷ ᠠᠷᠠᠳ ᠤᠨ ᠵᠠᠮ ᠬᠠᠷᠢᠯᠴᠠᠭᠠᠨ ᠤ ᠴᠠᠭᠳᠠᠭ᠎ᠠ ᠠᠷᠠᠳ ᠲᠦᠮᠡᠨ ᠤ ᠲᠥᠯᠥᠭᠡ ᠲᠠᠩᠭᠠᠷᠢᠭ ᠢᠶᠠᠨ ᠴᠢᠷᠮᠠᠶᠢᠨ ᠦᠢᠯᠡᠳᠦᠯᠭᠡᠵᠢᠭᠦᠯᠵᠦ᠂ ᠠᠷᠠᠳ ᠣᠯᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠳᠠᠬᠢ ᠬᠠᠨᠤᠮᠵᠢ ᠶᠢᠨ ᠬᠡᠮᠵᠢᠶ᠎ᠡ ᠪᠠ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠮᠤᠷ ᠲᠦᠪᠰᠢᠨ᠂ ᠰᠠᠭᠠᠳ ᠥᠬᠡᠶ ᠨᠡᠪᠲᠡᠷᠡᠬᠦ᠂ ᠡᠮᠬᠢ ᠵᠢᠷᠤᠮ ᠲᠠᠢ᠂ ᠪᠣᠯᠪᠠᠰᠤᠨ᠂ ᠡᠶ᠎ᠡ ᠵᠣᠬᠢᠴᠠᠯ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠣᠯᠭᠠᠨ᠎ᠠ ᠭᠡᠵᠦ ᠢᠯᠡᠷᠬᠡᠶᠢᠯᠡᠪᠡ᠃ 
ᠢᠷᠡᠯᠲᠡ᠄ ᠬᠦᠬᠡᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ