ᠨᠠᠮ ᠤᠨ ᠪᠠᠶᠢᠭᠤᠯᠤᠯᠲᠠ ᠶᠢ ᠴᠢᠩᠭᠠᠳᠬᠠᠵᠦ ᠠᠳᠬᠤᠵᠤ᠂ ᠠᠵᠢᠯ ᠤᠨ ᠡᠷᠴᠢᠮ ᠢ ᠤᠯᠠᠮ ᠳᠡᠭᠡᠭᠰᠢᠯᠡᠭᠦᠯᠵᠦ ᠪᠣᠢ
ᠨᠡᠶᠢᠲᠡᠯᠡᠭᠰᠡᠨ ᠴᠠᠭ᠄
2024/6/20
    ᠦᠨᠳᠦᠰᠦᠨ ᠱᠠᠲᠦᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠤᠶᠢᠯᠠᠭᠠᠵᠦ ᠡᠵᠡᠮᠰᠢᠬᠦ ᠶᠢᠨ ᠲᠥᠯᠥᠭᠡ᠂ ᠦᠨᠳᠦᠰᠦᠨ ᠱᠠᠲᠦᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠳᠦᠷᠢᠮᠵᠢᠭ᠌ᠰᠠᠨ ᠬᠢᠷᠢ ᠲᠦᠪᠰᠢᠨ ᠢ ᠤᠯᠠᠮ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠦ ᠪᠣᠢ᠃ ᠣᠶᠢᠷ᠎ᠠ ᠳᠤ ᠠᠪᠠᠭ᠎ᠠ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠳᠤᠪᠴᠢᠶᠠᠨ ᠤ ᠪᠠᠶᠢᠭᠤᠯᠭ᠎ᠠ ᠶᠢᠨ ᠨᠠᠮ ᠤᠨ ᠬᠤᠷᠢᠶ᠎ᠠ ᠤᠷᠢᠳ ᠬᠤᠵᠢᠳ ᠡᠯ᠎ᠡ ᠨᠠᠮ ᠤᠨ ᠡᠭᠦᠷ ᠤᠨ ᠨᠢᠭᠡᠲᠦᠬᠡᠷ ᠤᠯᠠᠷᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠬᠢᠨᠠᠨ ᠪᠠᠶᠢᠴᠠᠭᠠᠨ ᠵᠢᠭᠠᠨ ᠵᠢᠯᠣᠭᠤᠳᠴᠤ᠂ ᠨᠠᠮ ᠤᠨ ᠪᠠᠶᠢᠭᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠪᠠ᠃
6cd30ae63d070f6382d5e242b02c400.jpg
     ᠪᠠᠶᠢᠴᠠᠭᠠᠯᠲᠠ ᠶᠢᠨ ᠳᠤᠮᠳᠠ ᠪᠠᠶᠢᠴᠠᠭᠠᠬᠤ ᠲᠤᠭᠤᠶᠢᠯᠠᠩ ᠨᠢ ︽ᠪᠠᠶᠢᠴᠠᠭᠠᠯᠲᠠ ᠶᠢᠨ ᠳᠤᠮᠳᠠ ᠠᠰᠠᠭᠤᠳᠠᠯ ᠢ ᠢᠯᠡᠷᠡᠬᠦᠯᠵᠦ᠂ ᠪᠠᠶᠢᠴᠠᠭᠠᠯᠲᠠ ᠶᠢᠨ ᠳᠤᠮᠳᠠ ᠥᠭᠡᠷᠡᠴᠢᠯᠡᠨ ᠰᠠᠶᠢᠵᠢᠷᠠᠭᠤᠯᠬᠤ︾ ᠠᠵᠢᠯ ᠤᠨ ᠰᠡᠳᠬᠢᠴᠡ ᠪᠠᠷ ᠨᠠᠷᠢᠨ ᠨᠢᠮᠪᠠᠢ ᠡᠯ᠎ᠡ ᠨᠠᠮ ᠤᠨ ᠡᠭᠦᠷ ᠤᠨ ᠳᠤᠮᠳᠠᠳᠤ ᠶᠢᠨ ᠦᠨᠳᠦᠰᠦᠲᠡᠨ ᠤ ᠬᠠᠮᠲᠦ ᠴᠣᠭᠴᠠ ᠶᠢᠨ ᠦᠵᠡᠯ ᠤᠬᠠᠮᠰᠠᠷ ᠤᠨ ᠲᠠᠨᠢᠯᠲᠠ ᠶᠢ ᠤᠬᠠᠭᠤᠯᠬᠤ᠂ ᠰᠣᠷᠣᠯᠴᠠᠬᠤ ᠠᠵᠢᠯ ᠦᠷᠨᠢᠬᠦᠯᠦᠭᠰᠡᠨ ᠪᠠᠶᠢᠳᠠᠯ᠂ ᠨᠠᠮ ᠤᠨ ᠡᠭᠦᠷ ᠤᠨ ᠡᠯ᠎ᠡ ᠳᠠᠩᠰᠠ ᠡᠪᠬᠡᠮᠡᠯ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷᠯᠢᠭ ᠤᠨ ᠬᠥᠳᠡᠯᠭᠡᠭᠡᠨ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ᠂ ︽ᠨᠢᠭᠡᠲᠦᠬᠡᠷ ᠵᠥᠪᠯᠡᠬᠦ ᠰᠡᠳᠦᠪ︾ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠭᠤᠤᠯᠲᠠᠯᠭ᠎ᠠ ᠲᠠᠢ ᠠᠵᠢᠯ ᠡᠭᠦᠷᠭᠡ ᠦᠷᠨᠢᠬᠦᠯᠦᠭᠰᠡᠨ ᠪᠠᠶᠢᠳᠠᠯ ᠢ ᠪᠥᠬᠦ ᠲᠠᠯ᠎ᠠ ᠪᠠᠷ ᠬᠢᠨᠠᠨ ᠪᠠᠶᠢᠴᠠᠭᠠᠯᠲᠠ ᠬᠢᠵᠡᠢ᠃ ᠰᠠᠶᠢᠨ ᠳᠤᠷᠰᠢᠯᠭ᠎ᠠ᠂ ᠰᠠᠶᠢᠨ ᠠᠷᠭ᠎ᠠ ᠬᠡᠮᠵᠢᠶ᠎ᠡ ᠳᠤ ᠦᠨᠡᠯᠡᠯᠲᠡ ᠬᠢᠵᠦ᠂ ᠠᠰᠠᠭᠤᠳᠠᠯ ᠢᠯᠡᠷᠡᠭᠰᠡᠨ ᠳᠤ ᠳᠠᠷᠤᠢ ᠳᠤ ᠨᠢ ᠰᠠᠨᠠᠯ ᠰᠠᠨᠠᠭᠤᠯᠭ᠎ᠠ ᠭᠠᠷᠭᠠᠵᠤ᠂ ᠲᠡᠷᠡᠴᠢᠯᠡᠨ ᠲᠡᠷᠡ ᠳᠠᠷᠤᠢ ᠬᠠᠯᠠᠨ ᠰᠠᠶᠢᠵᠢᠷᠠᠭᠤᠯᠵᠤ᠂ ᠲᠤᠳᠠᠭᠤᠳᠠᠯ ᠢᠶᠠᠨ ᠨᠥᠬᠦᠪᠦᠷᠢᠯᠡᠵᠦ᠂ ᠦᠨᠡᠨ ᠬᠦ ᠨᠠᠮ ᠤᠨ ᠪᠠᠶᠢᠭᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠨᠠᠷᠢᠨ ᠨᠢᠮᠪᠠᠢ᠂ ᠪᠦᠷᠢᠨ ᠭᠦᠢᠴᠡᠳ ᠬᠡᠮᠵᠢᠶᠡᠨ ᠳᠤ ᠬᠦᠷᠭᠡᠬᠦ ᠪᠠᠷ ᠪᠣᠯᠭᠠᠪᠠ᠃
71316fcef0ba84df53e8d5fc4e2aed9.jpg
    ᠳᠠᠷᠠᠭ᠎ᠠ ᠨᠢ ᠪᠠᠶᠢᠭᠤᠯᠭ᠎ᠠ ᠶᠢᠨ ᠨᠠᠮ ᠤᠨ ᠡᠭᠦᠷ ᠤᠨ ᠭᠤᠣᠯ ᠬᠠᠷᠢᠭᠤᠴᠠᠯᠭᠠᠲᠠᠨ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠤᠯᠠᠮ ᠴᠢᠩᠭᠠᠳᠬᠠᠬᠤ ᠲᠤᠬᠠᠢ ᠴᠢᠬᠤᠯᠠ ᠰᠠᠨᠠᠯ ᠰᠠᠨᠠᠭᠤᠯᠭ᠎ᠠ ᠳᠤᠷᠠᠳᠬᠤ ᠳᠤ ᠪᠠᠨ᠂ ᠨᠢᠭᠡ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ᠂ ᠲᠤᠬᠠᠶᠢᠯᠠᠭᠰᠠᠨ ᠠᠵᠢᠯ ᠤᠨ ᠡᠩᠨᠡᠭᠡ ᠶᠢᠨ ᠪᠠᠶᠢᠭᠤᠯᠤᠯᠲᠠ ᠶᠢᠨ ᠠᠵᠢᠯ ᠲᠠᠢ ᠤᠶᠠᠯᠳᠤᠭᠤᠯᠬᠤ ᠬᠡᠷᠡᠭᠲᠡᠢ᠃ ᠬᠤᠶᠠᠷ ᠲᠤ ᠵᠣᠬᠢᠶᠠᠨ ᠪᠠᠶᠢᠭᠤᠯᠤᠯᠲᠠ ᠶᠢᠨ ᠰᠤᠷᠤᠯᠴᠠᠯᠭ᠎ᠠ ᠶᠢ ᠴᠢᠩᠭᠠᠳᠬᠠᠵᠦ᠂ ᠡᠯ᠎ᠡ ᠵᠦᠢᠯ ᠤᠨ ᠰᠤᠷᠤᠯᠴᠠᠯᠭ᠎ᠠ ᠬᠥᠳᠡᠯᠭᠡᠭᠡᠨ ᠢ ᠦᠷᠨᠢᠬᠦᠯᠵᠦ᠂ ᠪᠤᠲᠠᠲᠠᠢ ᠠᠵᠢᠯ ᠳᠡᠭᠡᠷ᠎ᠡ ᠲᠣᠪᠣᠶᠢᠮ᠎ᠠ ᠦᠷ᠎ᠡ ᠪᠦᠲᠦᠮᠵᠢ ᠭᠠᠷᠭᠠᠵᠤ᠂ ᠤᠯᠠᠨ ᠲᠦᠮᠡᠨ ᠳᠤ ᠰᠠᠶᠢᠨ ᠠᠵᠢᠯ ᠬᠢᠵᠦ᠂ ᠨᠠᠮ ᠤᠨ ᠡᠭᠦᠷ ᠤᠨ ︽ᠭᠤᠷᠪᠠᠨ ᠬᠤᠷᠠᠯ ᠨᠢᠭᠡ ᠬᠢᠴᠢᠶᠡᠯ︾᠂ ︽ᠨᠢᠭᠡᠲᠦᠬᠡᠷ ᠵᠥᠪᠯᠡᠬᠦ ᠰᠡᠳᠦᠪ︾ ᠵᠡᠷᠭᠡ ᠶᠢ ᠤᠯᠠᠮ ᠬᠦᠨᠵᠡᠬᠡᠶᠢᠷᠡᠬᠦᠯᠬᠦ ᠬᠡᠷᠡᠭᠲᠡᠢ ᠭᠡᠪᠡ᠃    ᠲᠣᠰ ᠤᠳᠠᠭᠠᠨ ᠤ ᠪᠠᠶᠢᠴᠠᠭᠠᠯᠲᠠ ᠪᠠᠷ ᠳᠠᠮᠵᠢᠨ ᠡᠯ᠎ᠡ ᠨᠠᠮ ᠤᠨ ᠡᠭᠦᠷ ᠤᠨ ᠪᠠᠷᠢᠮᠵᠢᠶ᠎ᠠ ᠳᠤ ᠳᠦᠷᠢᠮᠵᠢᠭᠰᠡᠨ ᠪᠠᠶᠢᠭᠤᠯᠤᠯᠲᠠ ᠳᠤ ᠵᠢᠭᠠᠨ ᠵᠢᠯᠤᠭᠤᠳᠴᠤ᠂ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠳᠤᠷᠰᠢᠯᠭ᠎ᠠ ᠪᠠᠨ ᠳ᠋ᠥᠩᠨᠡᠵᠦ᠂ ᠲᠡᠷᠢᠭᠦᠨ ᠤ ᠲᠤᠷᠰᠢᠯᠭ᠎ᠠ ᠶᠢ ᠳᠡᠯᠭᠡᠷᠡᠬᠦᠯᠵᠦ᠂ ᠭᠤᠣᠯᠳᠠᠯᠭ᠎ᠠ ᠶᠢ ᠠᠳᠬᠤᠵᠤ᠂ ᠦᠷ᠎ᠡ ᠪᠦᠲᠦᠮᠵᠢ ᠶᠢ ᠳᠡᠭᠡᠭᠰᠢᠯᠡᠬᠦᠯᠬᠦ ᠬᠠᠷᠠᠯᠲᠠ ᠳᠤ ᠪᠠᠨ ᠬᠦᠷᠴᠦ᠂ ᠡᠯ᠎ᠡ ᠡᠭᠦᠷ ᠤᠨ ᠲᠠᠶᠢᠴᠢᠨ ᠬᠦᠴᠦᠨ ᠤ ᠦᠢᠯᠡᠳᠦᠯ ᠢ ᠪᠠᠲᠤᠳᠬᠠᠬᠤ ᠳᠤ ᠰᠠᠭᠤᠷᠢ ᠲᠠᠯᠪᠢᠵᠤ ᠥᠭᠪᠡ᠃ ︵ᠮᠦᠩᠬᠡᠨᠠᠰᠤᠨ ᠮᠡᠳᠡᠭᠡᠯᠡᠪᠡ︶ 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ