ᠰᠢᠭᠤᠶᠢᠲᠤ ᠲᠣᠭᠤᠷᠢᠭ ᠤᠨ ᠴᠠᠭᠳᠠᠭᠠᠨ ᠤ ᠲᠠᠯ᠎ᠠ ᠶᠢᠨ ᠬᠢᠨ ︽5.1︾ ᠤ ᠠᠮᠠᠷᠠᠯᠲᠠ ᠶᠢᠨ ᠬᠤᠭᠤᠴᠠᠭᠠᠨ ᠤ ᠠᠮᠤᠷ ᠢ ᠬᠠᠮᠠᠭᠠᠯᠠᠬᠤ ᠡᠭᠦᠷᠭᠡ ᠪᠠᠨ ᠠᠮᠵᠢᠯᠲᠠ ᠲᠠᠢ ᠪᠠᠶᠡᠯᠡᠭᠦᠯᠪᠡ
ᠨᠡᠶᠢᠲᠡᠯᠡᠭᠰᠡᠨ ᠴᠠᠭ᠄
2024/6/20
   5 ᠳ᠋ᠤᠭᠠᠷ ᠰᠠᠷ᠎ᠠ ᠶᠢᠨ 1 ᠤ ᠡᠳᠦᠷ᠂ ᠪᠤᠭᠤᠳᠤ ᠬᠤᠳᠠ ᠶᠢᠨ ᠰᠢᠭᠤᠶᠢᠲᠤ ᠲᠣᠭᠤᠷᠢᠭ ᠤᠨ ᠲᠤᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭ᠎ᠠ ᠨᠠᠷ ᠡᠷᠳᠡᠯᠡᠨ ᠥᠪᠡᠷ ᠥᠪᠡᠷ ᠤᠨ ᠠᠵᠢᠯ ᠤᠨ ᠪᠠᠶᠢᠷᠢ ᠳᠤ ᠪᠠᠨ ᠬᠦᠷᠴᠦ᠂ ᠴᠠᠭᠳᠠᠨ ᠪᠠᠶᠢᠴᠠᠭᠠᠬᠤ ᠵᠢᠴᠢ ᠵᠠᠮ ᠬᠠᠷᠢᠯᠴᠠᠭ᠎ᠠ ᠶᠢᠨ ᠡᠮᠬᠢ ᠲᠢᠭᠯᠢᠮ ᠢ ᠬᠠᠮᠠᠭᠠᠯᠠᠬᠤ ᠵᠡᠷᠭᠡ ᠠᠵᠢᠯᠯᠠᠭ᠎ᠠ ᠪᠠᠨ ᠥᠷᠨᠢᠭᠦᠯᠵᠦ᠂ ᠵᠤᠭᠠᠴᠠᠭᠰᠠᠳ ᠤᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠪᠠ᠃
06c040fe7d33685547b4b7177f1502c.jpg   
    ᠵᠤᠭᠠᠴᠠᠭᠰᠠᠳ ᠤᠨ ᠵᠤᠭᠠᠴᠠᠨ ᠨᠠᠭᠠᠳᠬᠤ ᠬᠤᠭᠤᠴᠠᠭᠠᠨ ᠤ ᠠᠮᠤᠷ ᠲᠦᠪᠰᠢᠨ᠂ ᠡᠮᠬᠢ ᠲᠢᠭᠯᠢᠮ ᠢ ᠪᠠᠳᠤᠯᠠᠬᠤ ᠶᠢᠨ ᠲᠥᠯᠥᠭᠡ᠂ ᠦᠵᠡᠮᠵᠢ ᠶᠢᠨ ᠡᠯ᠎ᠡ ᠭᠠᠵᠠᠷ ᠢᠶᠠᠷ ᠭᠦᠨᠵᠡᠭᠡᠶᠢᠷᠡᠵᠦ᠂ ᠵᠤᠭᠠᠴᠠᠭᠰᠠᠳ ᠤᠨ ᠨᠡᠯᠢᠶᠡᠳ ᠲᠥᠪᠯᠡᠷᠡᠵᠦ ᠪᠠᠶᠢᠬᠤ ᠭᠠᠵᠠᠷ ᠢᠶᠠᠷ ᠢᠯᠡᠭᠦᠴᠡ ᠴᠠᠭᠳᠠᠬᠤ ᠶᠢᠨ ᠬᠠᠮᠳᠤ ᠵᠤᠭᠠᠴᠠᠭᠰᠠᠳ ᠲᠤ ᠠᠮᠤᠷ ᠲᠦᠪᠰᠢᠨ ᠢ ᠠᠩᠬᠠᠷᠬᠤ ᠶᠢ ᠪᠠᠶᠢᠩᠭᠤ ᠰᠠᠨᠠᠭᠤᠯᠪᠠ᠃ ᠡᠭᠦᠨ ᠤ ᠬᠠᠮᠳᠤ ᠭᠤᠣᠯ ᠵᠠᠮ ᠤᠨ ᠣᠷᠴᠢᠨ ᠢᠶᠠᠷ ᠦᠢᠯᠡᠴᠢᠯᠡᠭᠡᠨ ᠤ ᠴᠢᠭ ᠪᠠᠶᠢᠭᠤᠯᠵᠤ᠂ ᠵᠤᠭᠠᠴᠠᠭᠰᠠᠳ ᠤᠨ ᠰᠡᠳᠬᠢᠯ ᠰᠠᠨᠠᠭᠠᠨ ᠳᠤ ᠨᠢ ᠨᠡᠶᠢᠴᠡᠭᠰᠡᠨ ᠦᠢᠯᠡᠴᠢᠯᠡᠭᠡ ᠬᠠᠩᠭᠠᠵᠠᠢ᠃ ᠡᠭᠦᠨ ᠠᠴᠠ ᠭᠠᠳᠠᠨ᠎ᠠ ︽ᠮᠡᠬᠡᠯᠡᠯ ᠢ ᠡᠰᠡᠷᠭᠦᠴᠡᠬᠦ ᠤᠳᠤᠷᠢᠳᠤᠨ ᠳᠠᠭᠠᠭᠤᠯᠤᠭᠴᠢ︾ ᠪᠣᠯᠵᠤ᠂ ᠤᠬᠠᠭᠤᠯᠭ᠎ᠠ ᠶᠢᠨ ᠳᠡᠪᠳᠡᠷ ᠲᠠᠷᠬᠠᠭᠠᠨ᠂ ᠰᠢᠨ᠎ᠡ ᠬᠡᠯᠪᠡᠷᠢ ᠶᠢᠨ ᠮᠡᠬᠡᠯᠡᠯ ᠤᠨ ᠠᠷᠭ᠎ᠠ ᠪᠠᠷᠢᠯ ᠢ ᠲᠠᠶᠢᠯᠪᠤᠷᠢᠯᠠᠵᠤ᠂ ᠥᠷᠭᠡᠨ ᠤᠯᠠᠨ ᠵᠤᠭᠠᠴᠠᠭᠰᠠᠳ ᠲᠤ ᠮᠠᠬᠡᠯᠡᠯ ᠢ ᠰᠡᠷᠭᠡᠶᠢᠯᠡᠬᠦ ᠪᠠ ᠡᠰᠡᠷᠭᠦᠴᠡᠬᠦ ᠮᠡᠳᠡᠯᠭᠡ ᠶᠢ ᠲᠥᠭᠡᠮᠡᠯᠵᠢᠭᠦᠯᠪᠡ᠃
dfcc6e50ee488dd0b28178e1e2c4193.jpg   
    ᠰᠢᠭᠤᠶᠢᠲᠤ ᠲᠣᠭᠤᠷᠢᠭ ᠤᠨ ᠲᠤᠳᠤᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠪᠥᠬᠦ ᠴᠠᠭᠳᠠᠭ᠎ᠠ᠂ ᠬᠠᠪᠰᠤᠷᠤᠭᠴᠢ ᠴᠠᠭᠳᠠᠭ᠎ᠠ ᠨᠠᠷ ᠡᠭᠦᠷᠭᠡ ᠬᠠᠷᠢᠭᠤᠴᠠᠯᠭ᠎ᠠ ᠪᠠᠨ ᠰᠠᠶᠢᠳᠤᠷ ᠭᠦᠢᠴᠡᠳᠭᠡᠨ ᠦᠨᠡᠨᠴᠢ ᠪᠠᠷ ᠵᠢᠳᠬᠦᠵᠦ᠂ ︽5.1︾ ᠤ ᠠᠮᠠᠷᠠᠯᠲᠠ ᠶᠢᠨ ᠬᠤᠭᠤᠴᠠᠭᠠᠨ ᠤ ᠠᠮᠤᠷ ᠲᠤᠭᠳᠠᠭᠤᠨ ᠢ ᠬᠠᠮᠠᠭᠠᠯᠠᠬᠤ ᠠᠵᠢᠯ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃   
ᠢᠷᠡᠯᠲᠡ᠄ ᠪᠤᠭᠤᠲᠤ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ