ᠵᠢᠯ ᠪᠥᠷᠢ ᠬᠤᠶᠠᠷ ᠤᠳᠠᠭ᠎ᠠ ᠣᠷᠳᠣ ᠬᠤᠭᠤᠴᠠᠭ᠎ᠠ ᠪᠠᠷ ᠨᠡᠭᠦᠳᠡᠯᠯᠡᠬᠦ ᠨᠢ ᠨᠡᠭᠦᠳᠡᠯ ᠤᠨ ᠰᠢᠪᠠᠭᠤᠨ ᠳᠤ ᠠᠪᠴᠤ ᠬᠡᠯᠡᠪᠡᠯ᠂ ᠲᠡᠷᠡ ᠨᠢ ᠠᠮᠠᠯᠠᠯᠲᠠ ᠶᠢᠨ ᠲᠤᠬᠠᠶ | ᠥᠯᠢᠭᠡᠷ ᠪᠣᠯᠬᠤ ᠶᠤᠮ᠃ | ᠵᠢᠯ ᠪᠦᠷᠢ ᠶᠢᠨ 3 ᠰᠠᠷ᠎ᠠ ᠶᠢᠨ ᠡᠬᠢ ᠪᠠᠷ᠂ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ | ᠠᠮᠢ ᠠᠬᠤᠢ ᠣᠷᠴᠢᠨ ᠲᠤᠭᠤᠷᠢᠨ ᠢᠳᠡᠭᠡᠨ ᠡᠮ ᠵᠦᠢᠯ ᠤᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠠᠯᠢ ᠡᠷᠲᠡ ᠬᠠᠲᠤᠨ | ᠭᠤᠤᠯ ᠤᠨ ᠬᠥᠪᠡᠭᠡᠨ ᠳᠤ ᠢᠷᠡᠵᠦ᠂ ᠨᠡᠭᠦᠳᠡᠯ ᠤᠨ ᠰᠢᠪᠠᠭᠤ ᠲᠠᠢ ᠠᠮᠠᠯᠳᠠᠭᠰᠠᠨ ᠠᠮᠠᠯᠠᠯᠲᠠ ᠪᠠᠨ ᠭᠦᠢᠴᠡᠳᠭᠡᠳᠡᠭ᠃ | | | | ᠪᠤᠭᠤᠲᠤ ᠶᠢᠨ ᠬᠠᠲᠤᠨ ᠭᠤᠤᠯ ᠤᠨ ᠴᠢᠭᠢᠭᠯᠢᠭ ᠭᠠᠵᠠᠷ ᠲᠤ ᠵᠢᠯ ᠪᠦᠷᠢ 232 ᠲᠥᠷᠦᠯ ᠤᠨ ᠨᠡᠭᠦᠳᠡᠯ ᠤᠨ ᠰᠢᠪᠠᠭᠤ ᠢᠷᠡᠵᠦ ᠰᠠᠭᠤᠷᠢᠰᠢᠨ ᠦᠷᠡᠵᠢᠵᠦ | ᠪᠠᠶᠢᠳᠠᠭ᠂ ᠡᠭᠦᠨ ᠳᠤ ᠤᠯᠤᠰ ᠤᠨ Ⅰ ᠲᠠᠰ ᠤᠨ ᠭᠤᠤᠯᠳᠠᠯᠭ᠎ᠠ ᠲᠠᠢ ᠬᠠᠮᠠᠭᠠᠯᠠᠬᠤ ᠰᠢᠪᠠᠭᠤᠨ ᠤ ᠲᠥᠷᠥᠯ 11᠂ ᠤᠯᠤᠰ ᠤᠨ Ⅱ ᠲᠠᠰ ᠤᠨ ᠭᠤᠤᠯᠳᠠᠯᠭ᠎ᠠ ᠲᠠᠢ | ᠬᠠᠮᠠᠭᠠᠯᠠᠬᠤ ᠰᠢᠪᠠᠭᠤᠨ ᠤ ᠲᠥᠷᠥᠯ 38 ᠪᠣᠶ᠂ ᠡᠲᠡᠭᠡᠷ ᠰᠢᠪᠠᠭᠤᠨ ᠤ ᠲᠥᠷᠥᠯ ᠨᠢ ᠥᠪᠥᠷ ᠮᠣᠩᠭᠤᠯ ᠤᠨ ᠥᠨᠳᠦᠷᠯᠢᠭ ᠤᠨ ᠬᠠᠲᠤᠨ ᠭᠤᠤᠯ ᠳᠠᠭᠠᠤ ᠶᠢᠨ ᠠᠵᠤ | ᠠᠬᠤᠶ ᠶᠢᠨ ᠪᠦᠰᠡ ᠶᠢᠨ ᠰᠦᠷᠯᠢᠭ ᠰᠠᠶᠢᠬᠠᠨ ᠠᠮᠢ ᠠᠬᠤᠶ ᠶᠢᠨ ᠦᠵᠡᠮᠵᠢ ᠪᠣᠯᠤᠨ᠎ᠠ᠃ | | | | ᠡᠲᠡᠭᠡᠷ ᠣᠭᠲᠠᠷᠭᠤᠶ ᠶᠢᠨ ᠡᠵᠡᠳ ᠮᠢᠩᠭᠠᠨ ᠭᠠᠵᠠᠷ ᠤᠨ ᠬᠤᠯᠠ ᠠᠴᠠ ᠠᠳᠡ ᠢᠷᠡᠵᠦ᠂ ᠠᠮᠠᠯᠠᠯᠲᠠ ᠪᠠᠨ ᠪᠡᠶᠡᠯᠡᠭᠦᠯᠬᠦ ᠶᠢᠨ ᠬᠠᠮᠲᠤ᠂ ᠨᠠᠩ ᠴᠤ ᠠᠯᠤᠰ | ᠬᠤᠯᠠ ᠶᠢᠨ ᠮᠡᠨᠳᠦᠴᠢᠯᠡᠯ ᠢᠶᠠᠨ ᠥᠪᠥᠷ ᠮᠣᠩᠭᠤᠯ ᠤᠨ ᠪᠤᠭᠤᠲᠤ ᠬᠤᠲᠠ ᠳᠤ ᠠᠪᠴᠢᠷᠠᠵᠤ ᠥᠭᠭᠦᠭᠰᠡᠨ ᠪᠠᠶᠢᠨ᠎ᠠ᠃ ᠳ᠋ᠦᠩ ᠾᠧ ᠲᠤᠭᠤᠷᠢᠭ ᠤᠨ ᠠᠷᠠᠳ ᠤᠨ | ᠴᠠᠭᠳᠠᠭ᠎ᠠ ᠨᠠᠷ ᠠᠯᠢ ᠡᠷᠲᠡ ᠪᠡᠯᠡᠳᠬᠡᠯ ᠠᠵᠢᠯ ᠢᠶᠠᠨ ᠰᠠᠶᠢᠲᠤᠷ ᠬᠢᠵᠦ᠂ ︽ᠠᠮᠤᠷ ᠲᠦᠪᠰᠢᠨ ᠤ ᠱᠤᠭᠤᠮ︾ ᠢ ᠰᠠᠶᠢᠲᠤᠷ ᠲᠠᠲᠠᠵᠤ᠂ ᠠᠩᠬᠠᠨ ᠤ ᠪᠦᠯᠦᠭ | ︽ᠲᠦᠷᠦᠭᠦᠨ ᠤ ᠠᠩᠭᠢ︾ — ᠬᠤᠨ ᠭᠠᠯᠠᠭᠤ ᠲᠠᠢ ᠬᠠᠮᠲᠤ ᠪᠠᠷ ᠬᠠᠲᠤᠨ ᠭᠤᠤᠯ ᠤᠨ ᠴᠢᠭᠢᠭᠯᠢᠭ ᠭᠠᠵᠠᠷ ᠲᠤ ᠬᠦᠷᠴᠦ᠂ ᠨᠡᠭᠦᠳᠡᠯ ᠤᠨ ᠰᠢᠪᠠᠭᠤᠳ ᠤᠨ | ᠠᠭᠤᠯᠵᠠᠯᠲᠠ ᠪᠠᠨ ᠭᠦᠢᠴᠡᠳ ᠪᠡᠶᠡᠯᠡᠭᠦᠯᠪᠡ᠃ | | | | ᠨᠡᠭᠦᠳᠡᠯ ᠤᠨ ᠰᠢᠪᠠᠭᠤᠨ ᠳᠤ ᠠᠪᠴᠤ ᠬᠡᠯᠡᠪᠡᠯ᠂ ᠠᠳᠡ ᠢᠷᠡᠭᠰᠡᠨ ᠨᠢ ᠲᠡᠳᠡᠨ ᠤ ᠪᠣᠭᠤᠲᠤ ᠬᠤᠲᠠᠨ ᠳᠤ ᠠᠮᠠᠯᠠᠭᠰᠠᠨ ᠠᠮᠠᠯᠠᠯᠲᠠ ᠪᠣᠯᠤᠨ᠎ᠠ᠃ ᠪᠢᠳᠡᠨ ᠳᠤ | ᠠᠪᠴᠤ ᠬᠡᠯᠡᠪᠡᠯ᠂ ᠨᠡᠭᠦᠳᠡᠯ ᠤᠨ ᠰᠢᠪᠠᠭᠤ ᠶᠢ ᠰᠠᠬᠢᠨ ᠬᠠᠮᠠᠭᠠᠯᠠᠬᠤ ᠪᠣᠯ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠲᠡᠳᠡᠨ ᠳᠤ | ᠠᠮᠠᠯᠠᠭᠰᠠᠨ ᠠᠮᠠᠯᠠᠯᠲᠠ ᠪᠣᠯᠤᠨ᠎ᠠ᠃ ᠡᠳᠦᠷ ᠤᠨ ᠤᠳᠠᠭᠠᠨ᠂ ᠵᠢᠯ ᠤᠨ ᠤᠳᠠᠭᠠᠨ᠂ ᠪᠢᠳᠡᠨ ᠤ ᠬᠤᠭᠤᠷᠣᠨᠳᠣᠬᠢ ᠠᠮᠠᠯᠠᠯᠲᠠ ᠪᠠᠨ ᠶᠡᠷᠦ ᠠᠴᠠ ᠬᠤᠪᠢᠷᠠᠭᠤᠯᠳᠠᠭ | ᠦᠭᠡᠢ᠃ | |