ᠴᠢᠩ ᠱᠦᠶ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠧᠩ ᠭᠤᠸᠠᠨ ᠲᠣᠮᠢᠯᠠᠭᠰᠠᠨ ᠰᠠᠯᠪᠤᠷᠢ ᠣᠯᠠᠨ ᠰᠠᠯᠠᠭ᠎ᠠ ᠮᠥᠴᠢᠷ ᠲᠠᠢ ᠬᠠᠮᠲᠤᠷᠠᠨ ︽5.1︾ ᠤ ᠪᠠᠶᠠᠷ ᠤᠨ ᠡᠳᠦᠷ ᠠᠴᠠ ᠡᠮᠦᠨᠡᠬᠢ ᠭᠠᠯ ᠤᠨ ᠠᠶᠤᠯ ᠢ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/6/20
    4 ᠳ᠋ᠦ᠋ᠭᠡᠷ ᠰᠠᠷ᠎ᠠ ᠶᠢᠨ 24 ᠤ ᠡᠳᠦᠷ᠂ ᠬᠦᠬᠡᠬᠤᠲᠠ ᠶᠢᠨ ᠴᠢᠩ ᠱᠦᠶ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠧᠩ ᠭᠤᠸᠠᠨ ᠲᠣᠮᠢᠯᠠᠭᠰᠠᠨ ᠰᠠᠯᠪᠤᠷᠢ ᠬᠠᠷᠢᠶ᠎ᠠ ᠣᠷᠣᠨ ᠤ ᠪᠠᠨ ︽5.1︾ ᠤ ᠪᠠᠶᠠᠷ ᠤᠨ ᠡᠳᠦᠷ ᠤᠨ ᠬᠤᠭᠤᠴᠠᠭᠠᠨ ᠳᠠᠬᠢ ᠭᠠᠯ ᠤᠨ ᠠᠶᠤᠯ ᠢ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠴᠧᠩ ᠭᠤᠸᠠᠨ ᠲᠣᠮᠢᠯᠠᠭᠰᠠᠨ ᠰᠠᠯᠪᠤᠷᠢ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ᠂ ᠰᠢᠶᠠᠨ ᠤ ᠭᠠᠯ ᠤᠨᠲᠠᠷᠠᠭᠠᠬᠤ ᠶᠡᠭᠡ ᠠᠩᠭᠢ ᠲᠠᠢ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠠᠷᠢᠶᠠᠲᠤ ᠣᠷᠣᠨ ᠤ ᠬᠤᠳᠠᠯᠳᠤᠭᠠᠨ ᠤ ᠬᠡᠲᠦ ᠳᠡᠯᠭᠡᠭᠦᠷ᠂ ᠵᠣᠴᠢᠳ ᠤᠨ ᠪᠠᠭᠤᠳᠠᠯ ᠵᠡᠷᠭᠡ ᠬᠥᠮᠦᠨ ᠬᠠᠷ᠎ᠠ ᠲᠥᠪᠯᠡᠷᠡᠭᠰᠡᠨ ᠭᠠᠵᠠᠷ ᠲᠤ ᠭᠦᠨᠵᠡᠭᠡᠶᠢᠷᠡᠨ ᠪᠠᠶᠠᠷ ᠤᠨ ᠡᠳᠦᠷ ᠠᠴᠠ ᠡᠮᠦᠨᠡᠬᠢ ᠭᠠᠯ ᠤᠨ ᠠᠶᠤᠯ ᠢ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ᠃
 图片1.jpg 
    ᠡᠬᠡ ᠲᠠᠩᠰᠠ ᠶᠢ ᠪᠠᠶᠢᠴᠠᠭᠠᠨ ᠦᠵᠡᠬᠦ ᠪᠠ ᠲᠤᠬᠠᠶ ᠶᠢᠨ ᠭᠠᠵᠠᠷ ᠲᠤ ᠨᠢ ᠪᠠᠶᠢᠴᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠲᠦ ᠳᠡᠯᠭᠡᠭᠦᠷ ᠤᠨ ᠬᠥᠮᠦᠨ ᠣᠯᠠᠨ᠂ ᠡᠳ᠋ ᠪᠠᠷᠠᠭ᠎ᠠ ᠣᠪᠣᠭᠠᠯᠠᠭᠰᠠᠨ ᠣᠨᠴᠠᠯᠢᠭ ᠲᠤ ᠴᠢᠭᠯᠡᠭᠦᠯᠦᠨ᠂ ᠲᠠᠯᠠᠪᠤᠷ ᠳᠣᠲᠣᠷᠠᠬᠢ ᠭᠠᠯ ᠤᠨᠲᠠᠷᠠᠭᠠᠬᠤ ᠪᠡᠯᠡᠳᠬᠡᠮᠵᠢ ᠶᠢᠨ ᠪᠠᠭᠠᠵᠢ ᠬᠡᠷᠡᠭᠰᠡᠯ ᠪᠠ ᠭᠠᠯ ᠤᠨᠲᠠᠷᠠᠭᠠᠬᠤ ᠠᠮᠤᠷ ᠲᠦᠪᠰᠢᠨ ᠤ ᠲᠡᠮᠳᠡᠭ ᠨᠢ ᠪᠠᠷᠢᠮᠵᠢᠶ᠎ᠠ ᠳᠤ ᠨᠡᠶᠢᠴᠡᠬᠦ ᠡᠰᠡᠬᠦ᠂ ᠠᠮᠤᠷ ᠲᠦᠪᠰᠢᠨ ᠭᠠᠷᠬᠤ ᠡᠭᠦᠳᠡ ᠪᠠ ᠭᠠᠯ ᠤᠨᠲᠠᠷᠠᠭᠠᠬᠤ ᠨᠡᠪᠲᠡᠷᠡᠬᠦ ᠵᠠᠮ ᠨᠢ ᠰᠠᠭᠠᠳ ᠥᠬᠡᠶ ᠨᠡᠪᠲᠡᠷᠡᠬᠦ ᠡᠰᠡᠬᠦ᠂ ᠭᠠᠯ ᠤᠨᠲᠠᠷᠠᠭᠠᠬᠤ ᠪᠡᠯᠡᠳᠬᠡᠮᠵᠢ ᠶᠢᠨ ᠪᠠᠭᠠᠵᠢ ᠬᠡᠷᠡᠭᠰᠡᠯ ᠲᠣᠬᠢᠷᠠᠭᠤᠯᠤᠭᠰᠠᠨ ᠡᠰᠡᠬᠦ᠂ ᠴᠠᠬᠢᠯᠭᠠᠨ ᠪᠠ ᠭᠠᠯ ᠢ ᠬᠡᠷᠡᠭᠯᠡᠬᠦ ᠨᠢ ᠵᠥᠪ ᠡᠰᠡᠬᠦ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠥᠬᠦ ᠲᠠᠯ᠎ᠠ ᠪᠠᠷ ᠪᠠᠶᠢᠴᠠᠭᠠᠪᠠ᠃ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠠᠮᠤᠷ ᠲᠦᠪᠰᠢᠨ ᠤ ᠳᠠᠯᠳᠠ ᠬᠡᠮ ᠳᠤ ᠴᠢᠭᠯᠡᠭᠦᠯᠦᠨ᠂ ᠪᠠᠶᠢᠴᠠᠭᠠᠬᠤ ᠳᠤᠭᠤᠶᠢᠯᠠᠩ ᠲᠡᠷᠡ ᠳᠠᠷᠤᠶ ᠳᠤ ᠨᠢ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠳᠡᠭᠡᠭᠰᠢᠯᠡᠭᠦᠯᠦᠨ᠂ ᠥᠪᠡᠰᠦᠪᠡᠨ ᠪᠠᠶᠢᠴᠠᠭᠠᠬᠤ ᠪᠠᠨ ᠴᠢᠩᠭᠠᠳᠬᠠᠵᠤ᠂ ᠠᠮᠤᠷ ᠲᠦᠪᠰᠢᠨ ᠤ ᠠᠳᠡᠯ ᠭᠠᠷᠤᠮᠠᠭᠴᠠ ᠴᠠᠭ ᠲᠤᠬᠠᠶ ᠳᠤ ᠨᠢ ᠢᠯᠡᠷᠡᠭᠦᠯᠵᠦ᠂ ᠴᠠᠭ ᠲᠤᠬᠠᠶ ᠳᠤ ᠨᠢ ᠰᠢᠢᠳᠪᠦᠷᠢᠯᠡᠬᠦ ᠬᠡᠷᠡᠭᠲᠡᠶ ᠭᠡᠵᠦ ᠱᠠᠭᠠᠷᠳᠠᠪᠠ᠃
图片3.jpg  
    ᠲᠣᠰ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠨᠢ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠬᠠᠷᠢᠶᠠᠲᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠠᠷᠢᠯᠭᠠᠨ᠂ ᠡᠯ᠎ᠡ ᠨᠢᠭᠡᠴᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠪᠠ ᠠᠵᠢᠯᠯᠠᠭᠠᠨ ᠤ ᠤᠬᠠᠮᠰᠠᠷᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠶᠠᠲᠤ ᠣᠷᠣᠨ ᠤ ᠣᠯᠠᠨ ᠲᠦᠮᠡᠨ ᠤ︽5.1︾ ᠤ ᠠᠮᠠᠷᠠᠯᠲᠠ ᠶᠢᠨ ᠬᠤᠭᠤᠴᠠᠭ᠎ᠠ ᠶᠢ ᠪᠠᠶᠠᠷ ᠬᠥᠷ ᠲᠠᠢ ᠥᠩᠭᠡᠷᠡᠭᠦᠯᠬᠦ ᠳᠤ ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ ᠨᠥᠬᠦᠴᠡᠯ ᠢ ᠪᠣᠶ ᠪᠣᠯᠭᠠᠵᠤ ᠥᠭᠪᠡ᠃ 
ᠢᠷᠡᠯᠲᠡ᠄ ᠬᠦᠬᠡᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ