ᠠᠷᠠᠳ ᠤᠨ ᠴᠠᠭᠳᠠᠭ᠎ᠠ ᠨᠠᠰᠤᠲᠠᠨ ᠢ ᠬᠠᠪᠰᠤᠷᠤᠨ ᠭᠡᠷ ᠲᠤ ᠨᠢ ᠬᠤᠷᠠᠭᠰᠠᠨ ᠤᠰᠤ ᠶᠢ ᠨᠢ ᠴᠡᠪᠡᠷᠯᠡᠵᠦ ᠥᠭᠪᠡ
ᠨᠡᠶᠢᠲᠡᠯᠡᠭᠰᠡᠨ ᠴᠠᠭ᠄
2024/6/21
      ᠣᠶᠢᠷ᠎ᠠ ᠳᠤ᠂ ᠰᠢᠯᠢ ᠶᠢᠨ ᠭᠤᠤᠯ ᠠᠶᠢᠮᠠᠭ ᠤᠨ ᠤᠯᠠᠭᠠᠶ ᠬᠠᠮᠢᠶᠠᠷᠤᠯᠲᠠ ᠶᠢᠨ ᠣᠷᠣᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠶᠠᠨᠬᠤᠰᠢᠭᠤ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠬᠢᠨ ᠬᠡᠳᠦᠨ ᠡᠳᠦᠷ ᠳᠠᠷᠠᠭᠠᠯᠠᠨ ᠰᠢᠷᠦᠭᠦᠨ ᠪᠣᠷᠣᠭᠠᠨ ᠤᠷᠤᠭᠰᠠᠨ ᠠᠴᠠ ᠬᠡᠷ ᠲᠤ ᠨᠢ ᠶᠡᠭᠡ ᠬᠡᠮᠵᠢᠶᠡᠨ ᠤ ᠤᠰᠤ ᠬᠤᠷᠠᠪᠠ ᠬᠠᠪᠰᠤᠷᠬᠤ ᠪᠣᠯᠪᠠ ᠦᠦ ᠭᠡᠰᠡᠨ ᠤᠲᠠᠰᠤ ᠶᠢ ᠲᠤᠰᠪᠠ᠃ ᠬᠡᠷᠡᠭ ᠤᠨ ᠮᠡᠳᠡᠭᠦᠯᠦᠯᠲᠡ ᠶᠢ ᠣᠯᠣᠭᠰᠠᠨ ᠤ ᠲᠠᠷᠠᠭ᠎ᠠ᠂ ᠵᠢᠵᠢᠭᠦᠷ ᠤᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠲᠡᠷᠡ ᠳᠠᠷᠤᠢ ᠲᠤᠬᠠᠢ ᠶᠢᠨ ᠲᠠᠯᠠᠪᠠᠢ ᠳᠤ ᠬᠦᠷᠴᠦ ᠪᠠᠶᠢᠴᠠᠭᠠᠨ ᠦᠵᠡᠭᠡᠳ᠂ ᠤᠷᠢᠳᠠᠪᠠᠷ ᠨᠠᠰᠤᠲᠠᠨ ᠤ ᠭᠡᠷ ᠤᠨ ᠪᠤᠢ ᠪᠦᠬᠦᠢ ᠴᠠᠬᠢᠯᠭᠠᠨ ᠢ ᠰᠠᠯᠭᠠᠵᠤ ᠠᠮᠤᠷ ᠲᠦᠪᠰᠢᠨ ᠤ ᠳᠠᠯᠳᠠ ᠭᠡᠮ ᠢ ᠠᠷᠢᠯᠭᠠᠭᠰᠠᠨ ᠤ ᠲᠠᠷᠠᠭ᠎ᠠ᠂ ᠨᠠᠰᠤᠲᠠᠨ ᠢ ᠬᠠᠪᠰᠤᠷᠤᠨ ᠴᠠᠭ ᠭᠠᠷᠤᠢ ᠠᠵᠢᠯᠯᠠᠭᠠᠳ ᠭᠡᠷ ᠳᠣᠲᠣᠷᠠᠬᠢ ᠬᠤᠷᠠᠭᠰᠠᠨ ᠤᠰᠤ ᠶᠢ ᠪᠦᠬᠦᠨ ᠢ ᠴᠡᠪᠡᠷᠯᠡᠪᠡ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ