ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠵᠢᠯᠯᠠᠭ᠎ᠠ ᠶᠢ ᠭᠦᠨᠵᠡᠭᠡᠶ ᠠᠬᠢᠭᠤᠯᠪᠠ
ᠨᠡᠶᠢᠲᠡᠯᠡᠭᠰᠡᠨ ᠴᠠᠭ᠄
2024/6/21
      ᠡᠨᠡ ᠵᠢᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠨᠢ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠤᠯᠠᠷᠢᠭᠤᠯᠤᠨ ᠬᠡᠷᠡᠭᠯᠡᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ︾ ᠭᠤᠤᠯ ᠰᠡᠳᠦᠪ ᠤᠨ ᠲᠣᠭᠤᠷᠢᠨ ᠳᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠨ᠎ᠡ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠨᠠᠷᠠᠲᠤ ᠲᠥᠷᠥᠯ ᠲᠡᠮᠳᠡᠭᠲᠦ ᠶᠢᠨ ᠥᠷᠢᠰᠦᠯᠳᠦᠬᠦ ᠬᠦᠴᠦᠨ ᠢ ᠴᠢᠩᠭᠠᠷᠠᠭᠤᠯᠬᠤ᠂ ᠰᠣᠶᠣᠯ ᠤᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ ᠬᠢ ᠴᠢᠬᠤᠯᠠ ᠦᠢᠯᠡᠳᠦᠯ ᠢ ᠳᠣᠪᠤᠶᠢᠯᠭᠠᠨ ᠢᠯᠡᠷᠡᠭᠦᠯᠵᠦ᠂ ᠪᠥᠬᠦ ᠨᠡᠶᠢᠭᠡᠮ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠦᠨᠳᠦᠳᠬᠡᠬᠦ ᠪᠠ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠪᠠ᠃ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ︽ᠺᠦᠨᠯᠦ᠋ᠨ 2024︾ ᠲᠤᠰᠬᠠᠶ ᠠᠵᠢᠯᠯᠠᠭ᠎ᠠ ᠪᠠᠷ ᠭᠤᠤᠯ ᠰᠢᠵᠢᠮ ᠪᠣᠯᠭᠠᠵᠤ᠂ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ︾ ᠢᠶᠠᠷ ᠠᠴᠢᠶᠠᠯᠠᠪᠤᠷᠢ ᠪᠣᠯᠭᠠᠨ᠂ ᠠᠮᠢ ᠠᠬᠤᠢ ᠣᠷᠴᠢᠨ ᠲᠣᠭᠤᠷᠢᠨ ᠢᠳᠡᠭᠡᠨ ᠡᠮ ᠤᠨ ᠵᠦᠢᠯ ᠢ ᠲᠤᠷᠰᠢᠨ ᠪᠠᠶᠢᠴᠠᠭᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠠᠬᠢᠭᠤᠯᠪᠠ᠃
74cbb93c046c8e97fa2ecea2f37a4e7d_.jpg
      ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠳᠠᠬᠢ ᠬᠠᠤᠯᠢ ᠶᠢ ᠵᠦᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠵᠣᠬᠢᠶᠠᠨ ᠪᠠᠶᠢᠭᠤᠯᠵᠤ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ︽ᠺᠦᠨᠯᠦ᠋ᠨ 2024︾ ᠵᠡᠷᠭᠡ ᠲᠤᠰᠬᠠᠶ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠲᠦᠯᠬᠢᠨ ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠮᠢ ᠠᠬᠤᠢ ᠣᠷᠴᠢᠨ ᠲᠣᠭᠤᠷᠢᠨ ᠢᠳᠡᠭᠡᠨ ᠡᠮ ᠤᠨ ᠵᠦᠢᠯ ᠤᠨ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠳᠠᠬᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠲᠤᠪᠤᠶᠢᠯᠭᠠᠬᠤ ᠲᠠᠯ᠎ᠠ ᠪᠠᠷ ᠬᠦᠴᠦᠷᠬᠡᠭ ᠶᠡᠭᠡ ᠲᠠᠭᠠᠷᠢᠯᠳᠡ ᠶᠠᠪᠤᠭᠤᠯᠪᠠ᠃ ᠣᠯᠠᠨ ᠲᠦᠮᠡᠨ ᠪᠠ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠶᠢ ᠬᠠᠶᠢᠨ ᠰᠦᠪᠡᠭᠴᠢᠯᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠡᠭᠦᠤ ᠶᠢᠨ ᠬᠡᠷᠡᠭ ᠤᠨ ᠬᠠᠮᠠᠭᠠᠯᠠᠯᠲᠠ ᠶᠢᠨ ᠡᠷᠴᠢᠮ ᠢ ᠦᠨᠡᠨ ᠬᠦ ᠴᠢᠩᠭᠠᠷᠠᠭᠤᠯᠵᠤ᠂ ᠬᠡᠤᠬᠡᠳ ᠤᠨ ᠬᠡᠷᠡᠭᠯᠡᠭᠡᠨ ᠤ ᠡᠳ᠋᠂ ᠬᠡᠷ ᠤᠨ ᠴᠠᠬᠢᠯᠭᠠᠨ ᠬᠡᠷᠡᠭᠰᠡᠯ᠂ ᠮᠠᠰᠢᠨ ᠲᠡᠷᠭᠡᠨ ᠤ ᠰᠡᠯᠪᠢᠭ ᠲᠣᠨᠤᠭ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠣᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠪᠠ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠯᠪᠣᠭᠳᠠᠬᠤ ᠭᠤᠤᠯᠳᠠᠯᠭ᠎ᠠ ᠲᠠᠢ ᠬᠦᠷᠢᠶᠡᠨ ᠳᠠᠬᠢ ᠡᠷᠬᠡ ᠳᠤ ᠬᠠᠯᠳᠠᠭᠰᠠᠨ ᠬᠠᠭᠤᠷᠮᠠᠭᠯᠠᠭᠰᠠᠨ ᠶᠠᠯᠠᠲᠤ ᠠᠵᠢᠯᠯᠠᠭ᠎ᠠ ᠳᠤ ᠬᠠᠤᠯᠢ ᠶᠣᠰᠣ ᠪᠠᠷ ᠴᠢᠩᠭ᠎ᠠ ᠴᠣᠬᠢᠯᠲᠠ ᠥᠭᠪᠡ᠃      ᠤᠬᠠᠭᠤᠯᠭ᠎ᠠ ᠶᠢ ᠥᠷᠭᠡᠳᠬᠡᠵᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠨ᠎ᠠ᠃ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠣᠯᠠᠨ ᠬᠡᠯᠪᠡᠷᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠨ᠎ᠡ᠃ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠤᠯᠢ ᠴᠠᠭᠠᠵᠠ ᠶᠢ ᠲᠠᠶᠢᠯᠪᠤᠷᠢᠯᠠᠨ ᠶᠣᠰᠣ ᠶᠠᠷᠢᠬᠤ ᠶᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢ 10 ᠭᠠᠷᠤᠶ ᠤᠳᠠᠭ᠎ᠠ ᠥᠷᠨᠢᠭᠦᠯᠵᠦ᠂ ᠠᠵᠤ ᠠᠬᠤᠶᠢᠯᠠᠯ ᠳᠤ ᠬᠦᠷᠴᠦ ᠠᠵᠤ ᠠᠬᠤᠶᠢᠯᠠᠯ ᠤᠨ ᠡᠵᠡᠩᠨᠡᠭᠴᠢ ᠶᠢᠨ ᠬᠠᠤᠯᠢ ᠶᠣᠰᠣᠨ ᠤ ᠡᠵᠡᠩᠨᠡᠯᠲᠡ ᠶᠢ ᠬᠥᠲᠥᠯᠥᠨ ᠵᠢᠯᠣᠭᠤᠳᠴᠤ᠂ ᠤᠯᠠᠨ ᠲᠦᠮᠡᠨ ᠲᠠᠢ ᠣᠶᠢᠷᠠᠲᠤᠵᠤ ᠤᠯᠠᠨ ᠲᠦᠮᠡᠨ ᠤ ᠬᠠᠤᠯᠢ ᠴᠠᠭᠠᠵᠠ ᠶᠢ ᠬᠡᠷᠡᠭᠯᠡᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠵᠣᠷᠢᠭᠵᠢᠭᠤᠯᠵᠤ᠂ ᠰᠤᠷᠭᠠᠭᠤᠯᠢ ᠶᠢᠨ ᠬᠦᠷᠢᠶᠡᠨ ᠳᠤ ᠣᠷᠣᠵᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠪᠠᠭᠰᠢ ᠰᠤᠷᠤᠭᠴᠢᠳ ᠤᠨ ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠲᠦᠷᠦᠯ ᠤᠨ ᠡᠯᠭᠦᠭᠡ ᠪᠢᠴᠢᠭᠡᠰᠦ ᠶᠢ ᠨᠡᠶᠢᠳᠡ 5 ᠡᠯᠭᠦᠵᠦ᠂ ᠤᠬᠠᠭᠤᠯᠭ᠎ᠠ ᠶᠢᠨ ᠬᠠᠭᠤᠳᠠᠰᠤ ᠶᠢ 500 ᠭᠠᠷᠤᠢ ᠬᠤᠪᠢ ᠲᠠᠷᠬᠠᠭᠠᠵᠤ᠂ ᠲᠤᠬᠠᠢ ᠶᠢᠨ ᠲᠠᠯᠠᠪᠤᠷ ᠲᠤ ᠤᠯᠠᠨ ᠲᠦᠮᠡᠨ ᠤ ᠠᠰᠠᠭᠤᠨ ᠯᠠᠪᠯᠠᠭᠰᠠᠨ ᠢ 100 ᠭᠠᠷᠤᠢ ᠬᠥᠮᠦᠨ ᠤᠳᠠᠭ᠎ᠠ ᠬᠠᠷᠢᠭᠤᠯᠵᠠᠢ᠃       ᠨᠢᠭᠲᠠ ᠬᠠᠮᠵᠢᠯᠴᠠᠨ ᠬᠦᠴᠦ ᠪᠠᠨ ᠬᠠᠮᠲᠤᠳᠬᠠᠨ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠷᠡᠭᠦᠤ ᠶᠢᠨ ᠬᠡᠷᠡᠭ ᠤᠨ ᠬᠠᠤᠯᠢ ᠪᠠᠷᠢᠬᠤ ᠶᠢ ᠵᠣᠯᠭᠠᠭᠤᠯᠬᠤ︾ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃ ᠡᠯ᠎ᠡ ᠲᠠᠯ᠎ᠠ ᠶᠢᠨ ᠬᠢᠨ ᠯᠦᠭᠡ ᠶᠢᠨ ᠵᠣᠬᠢᠴᠠᠭᠤᠯᠭ᠎ᠠ ᠨᠡᠪᠲᠡᠷᠡᠯᠴᠡᠭᠡ ᠪᠠᠨ ᠦᠷᠭᠦᠯᠵᠢᠯᠡᠨ ᠴᠢᠩᠭᠠᠳᠬᠠᠵᠤ᠂ ᠶᠡᠷᠦᠩᠬᠡᠶᠢᠯᠡᠨ ᠵᠠᠰᠠᠬᠤ ᠶᠢ ᠬᠠᠮᠲᠤᠪᠠᠷ ᠠᠬᠢᠭᠤᠯᠵᠤ᠂ ᠠᠵᠢᠯ ᠤᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠮᠢ ᠠᠬᠤᠶ ᠶᠢᠨ ᠣᠷᠴᠢᠨ ᠨᠥᠬᠦᠴᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠥᠳᠡᠭᠡ ᠲᠣᠰᠬᠤᠨ ᠤ ᠲᠠᠷᠢᠶᠠᠯᠠᠩ ᠵᠡᠷᠭᠡ ᠵᠠᠰᠠᠭ ᠵᠠᠬᠢᠷᠭᠠᠨ ᠤ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ ᠬᠡᠷᠡᠭ ᠢ ᠰᠢᠯᠵᠢᠭᠦᠯᠦᠨ ᠲᠤᠰᠢᠶᠠᠬᠤ᠂ ᠰᠦᠪᠡᠭᠴᠢ ᠶᠢ ᠨᠡᠪᠲᠡᠷᠡᠭᠦᠯᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠰᠢᠯᠭᠠᠨ ᠪᠠᠶᠢᠴᠠᠭᠠᠵᠤ ᠬᠢᠨᠠᠨ ᠲᠣᠭᠲᠠᠭᠠᠬᠤ ᠶᠢ ᠵᠠᠪᠰᠠᠷ ᠦᠭᠡᠢ ᠵᠣᠯᠭᠠᠭᠤᠯᠬᠤ ᠶᠢ ᠪᠡᠶᠡᠯᠡᠭᠦᠯᠦᠨ᠎ᠡ᠃ ᠰᠢᠭᠦᠬᠦ ᠬᠤᠷᠢᠶ᠎ᠠ ᠪᠠ ᠪᠠᠶᠢᠴᠠᠭᠠᠬᠤ ᠬᠤᠷᠢᠶ᠎ᠠ ᠶᠢᠨ ᠠᠵᠢᠯ ᠤᠨ ᠨᠡᠪᠲᠡᠷᠡᠯᠴᠡᠭᠡ ᠶᠢ ᠴᠢᠩᠭᠠᠳᠬᠠᠪᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠳᠠᠬᠢ ᠬᠡᠷᠡᠭ ᠢ ᠰᠢᠢᠳᠪᠦᠷᠢᠯᠡᠬᠦ ᠶᠠᠪᠤᠴᠠ ᠳᠤ ᠲᠣᠬᠢᠶᠠᠯᠳᠤᠭᠰᠠᠨ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ ᠲᠠᠢ ᠢᠳᠡᠪᠬᠢᠲᠡᠶ ᠪᠠᠷ ᠵᠣᠯᠭᠠᠭᠤᠯᠵᠤ᠂ ᠬᠤᠯᠪᠣᠭᠳᠠᠯ ᠪᠦᠬᠦᠢ ᠬᠡᠷᠡᠭ ᠤᠨ ᠰᠢᠨᠵᠢ ᠴᠢᠨᠠᠷ ᠢ ᠲᠣᠭᠲᠠᠭᠠᠬᠤ᠂ ᠬᠡᠷᠡᠭ ᠤᠨ ᠬᠠᠷᠢᠶᠠᠯᠠᠯ ᠵᠡᠷᠭᠡ ᠠᠰᠠᠭᠤᠳᠠᠯ ᠤᠨ ᠲᠤᠬᠠᠶ ᠤᠯᠠᠨ ᠤᠳᠠᠭ᠎ᠠ ᠰᠤᠳᠤᠯᠤᠨ ᠵᠥᠪᠳᠡᠯᠴᠡᠪᠡ᠃ ᠴᠠᠭᠳᠠᠭ᠎ᠠ ᠪᠠ ᠠᠵᠤ ᠠᠬᠤᠶᠢᠯᠠᠯ ᠤᠨ ᠬᠠᠮᠵᠢᠯᠴᠠᠭ᠎ᠠ ᠶᠢ ᠨᠢᠭᠲᠠᠷᠠᠭᠤᠯᠤᠨ᠎ᠠ᠃ ᠢᠳᠡᠭᠡᠨ ᠡᠮ ᠤᠨ ᠵᠦᠢᠯ᠂ ᠣᠷᠴᠢᠨ ᠠᠬᠤᠶ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠳᠠᠬᠢ ᠬᠤᠯᠪᠣᠭᠳᠠᠯ ᠪᠦᠬᠦᠢ ᠦᠢᠯᠡᠳᠪᠦᠷᠢᠯᠡᠯ᠂ ᠪᠣᠷᠣᠯᠠᠭᠤᠯᠭ᠎ᠠ ᠶᠢᠨ ᠠᠵᠤ ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠥᠷᠭᠡᠨ ᠭᠦᠨᠵᠡᠭᠡᠶ ᠬᠠᠮᠲᠤᠷᠠᠯᠴᠠᠭ᠎ᠠ ᠶᠢ ᠥᠷᠨᠢᠭᠦᠯᠵᠦ᠂ ᠦᠢᠯᠡᠴᠢᠯᠡᠭᠡᠨ ᠤ ᠠᠵᠤ ᠠᠬᠤᠶᠢᠯᠠᠯ ᠤᠨ ᠬᠥᠭᠵᠢᠯᠲᠡ ᠶᠢ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠠᠢ ᠣᠷᠭᠠᠨᠢᠭ ᠢᠶᠠᠷ ᠤᠶᠠᠯᠳᠤᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠪᠡ᠃
04234b8721f798a23ad3b71e017ef908_.jpg
      ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠨᠡᠶᠢᠭᠡᠮ ᠤᠨ ᠡᠯ᠎ᠡ ᠡᠲᠡᠭᠡᠳ ᠪᠣᠯᠤᠨ ᠣᠯᠠᠨ ᠲᠦᠮᠡᠨ ᠢ ᠬᠠᠤᠯᠢ ᠵᠥᠷᠢᠴᠡᠭᠰᠡᠨ ᠶᠠᠯᠠᠲᠤ ᠬᠡᠷᠡᠭ ᠤᠨ ᠰᠦᠪᠡᠭᠴᠢ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠵᠦ᠂ ᠢᠳᠡᠭᠡᠨ ᠪᠠ ᠡᠮ ᠤᠨ ᠵᠦᠢᠯ ᠣᠷᠴᠢᠨ ᠠᠬᠤᠢ ᠳᠠᠬᠢ ᠠᠷᠠᠳ ᠤᠨ ᠠᠮᠢᠳᠤᠷᠠᠯ ᠤᠨ ᠬᠠᠮᠠᠭᠠᠯᠠᠯᠲᠠ ᠶᠢᠨ ᠰᠢᠨ᠎ᠡ ᠰᠦᠯᠵᠢᠶ᠎ᠡ ᠶᠢ ᠬᠠᠮᠲᠤ ᠪᠠᠷ ᠰᠦᠯᠵᠢᠵᠦ᠂ ᠠᠷᠠᠳ ᠣᠯᠠᠨ ᠤ ︽ᠢᠳᠡᠭᠡᠨ ᠤᠮᠳᠠᠭᠠᠨ᠂ ᠡᠮ ᠡᠮᠴᠢᠯᠡᠭᠡ︾ ᠤᠨ ᠠᠮᠤᠷ ᠲᠦᠪᠰᠢᠨ ᠪᠣᠯᠤᠨ ᠶᠠᠰᠤ ᠴᠢᠨᠠᠷ ᠢ ᠬᠠᠮᠠᠭᠠᠯᠠᠬᠤ ᠳᠤ ᠬᠦᠴᠦᠨ ᠴᠢᠳᠠᠯ ᠢᠶᠠᠨ ᠡᠷᠭᠦᠬᠦ ᠶᠢ ᠤᠷᠢᠶᠠᠯᠠᠪᠠ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ