ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠬᠠᠷᠢᠶᠠᠲᠤ ᠣᠷᠣᠨ ᠤ ᠠᠵᠤ ᠠᠬᠤᠶᠢᠯᠠᠯ ᠲᠠᠢ ᠬᠠᠮᠲᠤᠷᠠᠨ ︽ᠴᠠᠭᠳᠠᠭ᠎ᠠ ᠪᠠᠨ ᠬᠠᠶᠢᠷᠠᠯᠠᠬᠤ ᠬᠤᠯᠪᠣᠭ᠎ᠠ︾ ᠶᠢᠨ ᠭᠠᠷ ᠤᠨ ᠥᠰᠥᠭ ᠵᠢᠷᠤᠬᠤ ᠶᠣᠰᠣᠯᠠᠯ ᠵᠢᠴᠢ ᠴᠠᠭᠳᠠᠭ᠎ᠠ ᠶᠢ ᠬᠠᠯᠠᠮᠵᠢᠯᠠᠬᠤ ᠶᠠᠷᠢᠯᠴᠠᠬᠤ ᠬᠤᠷᠠᠯ ᠬᠢᠪᠠ
ᠨᠡᠶᠢᠲᠡᠯᠡᠭᠰᠡᠨ ᠴᠠᠭ᠄
2024/6/25
    2024 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠪᠣᠯᠤᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠴᠠᠭᠳᠠᠭ᠎ᠠ ᠶᠢ ᠬᠠᠯᠠᠮᠵᠢᠯᠠᠵᠤ ᠬᠠᠷᠠᠭᠠᠯᠵᠠᠬᠤ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ᠂ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠲᠤᠯᠤᠭᠠᠨ ᠠᠵᠤ ᠠᠬᠤᠶᠢᠯᠠᠯ ᠬᠤᠳᠠᠯᠳᠤᠭᠠᠴᠢᠨ ᠲᠠᠢ ᠬᠠᠮᠲᠤᠷᠠᠨ ︽ᠴᠠᠭᠳᠠᠭ᠎ᠠ ᠶᠢ ᠬᠠᠶᠢᠷᠠᠯᠠᠬᠤ ᠬᠤᠯᠪᠣᠭ᠎ᠠ︾ ᠶᠢᠨ ᠲᠥᠪᠯᠡᠷᠡᠭᠦᠯᠦᠨ ᠭᠠᠷ ᠤᠨ ᠥᠰᠥᠭ ᠵᠢᠷᠤᠬᠤ ᠶᠣᠰᠣᠯᠠᠯ ᠥᠷᠨᠢᠭᠦᠯᠪᠡ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠬᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠠᠶᠢᠷᠤᠪ ᠤᠨ ᠲᠤᠬᠤᠢ ᠶᠢᠨ ᠰᠠᠯᠪᠤᠷᠢ ᠪᠠᠩᠬᠢ᠂ ᠳᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠦᠢᠯᠡᠳᠪᠦᠷᠢ ᠶᠢᠨ ᠦᠬᠠᠢ ᠶᠢᠨ ᠬᠤᠪᠢᠶᠠᠷᠢ ᠺᠣᠮᠫᠠᠨᠢ᠂ ᠸᠠᠨ ᠳ᠋ᠠ ᠺᠢᠨᠣ᠋ ᠶᠢᠨ ᠦᠢᠯᠡᠰ᠂ ᠪᠤᠯᠢᠯᠠᠢ ᠶᠢᠨ ᠪᠣᠭᠤᠷᠰᠤᠭ ᠤᠨ ᠦᠷᠦᠭᠡ᠂ ᠶᠦᠩ ᠱᠦᠨ ᠮᠠᠰᠢᠨ ᠲᠡᠷᠭᠡᠨ ᠤ ᠤᠬᠢᠶᠠᠯᠭ᠎ᠠ ᠶᠢᠨ ᠭᠠᠵᠠᠷ᠂ ᠮᠢ ᠯᠠᠨ ᠤ ᠳᠦᠷᠰᠦ ᠪᠦᠲᠦᠭᠡᠯᠲᠡ᠂ ᠪᠥᠸᠧ ᠶᠦᠨ ᠠᠵᠢᠯ ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠵᠡᠷᠭᠡ ᠠᠵᠤ ᠠᠬᠤᠶᠢᠯᠠᠯ ᠤᠨ ᠬᠤᠳᠠᠯᠳᠤᠭᠠᠴᠢᠳ ᠤᠨ ᠬᠠᠷᠢᠭᠤᠴᠠᠯᠭᠠᠲᠠᠨ ᠵᠢᠴᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠯ᠎ᠡ ᠶᠡᠭᠡ ᠠᠩᠬᠢ᠂ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠲᠥᠯᠥᠭᠡᠯᠡᠭᠴᠢ ᠲᠤᠰ ᠤᠳᠠᠭ᠎ᠠ ᠶᠢᠨ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃
微信图片_20240424151527.png  
    ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠪᠣᠯᠤᠨ ᠳᠣᠯᠣᠭᠠᠨ ᠠᠵᠤ ᠠᠬᠤᠶᠢᠯᠠᠯ ᠤᠨ ᠬᠤᠳᠠᠯᠳᠤᠭᠠᠴᠢᠨ ᠲᠤᠰ ᠲᠤᠰ ᠴᠠᠭᠳᠠᠭ᠎ᠠ ᠶᠢ ᠴᠠᠭᠳᠠᠭ᠎ᠠ ᠶᠢ ᠬᠠᠶᠢᠷᠠᠯᠠᠵᠤ ᠬᠠᠷᠠᠭᠠᠯᠵᠠᠬᠤ ᠦᠢᠯᠡᠴᠢᠯᠡᠭᠡᠨ ᠤ ᠬᠡᠯᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠪᠠ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠨᠠᠮ ᠤᠨ ᠬᠤᠷᠢᠶ᠎ᠠ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ︽ᠬᠠᠮᠤᠭ ᠤᠨ ᠬᠡᠷᠡᠭᠴᠡᠭᠡ ᠲᠠᠢ︾ ᠪᠠᠶᠢᠳᠠᠯ ᠲᠠᠢ ᠨᠢᠭᠲᠠ ᠤᠶᠠᠯᠳᠤᠭᠤᠯᠤᠨ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ︽ᠬᠠᠮᠤᠭ ᠤᠨ ᠬᠡᠷᠡᠭᠴᠡᠭᠡ ᠲᠠᠢ︾ ᠪᠠᠶᠢᠳᠠᠯ ᠳᠤ ᠴᠢᠩᠭ᠎ᠠ ᠬᠠᠷᠢᠭᠤᠯᠲᠠ ᠥᠭᠴᠦ᠂ ᠡᠮᠦᠨ᠎ᠡ ᠬᠤᠭᠤᠴᠠᠭᠠᠨ ᠳᠤ ᠴᠠᠭᠳᠠᠭ᠎ᠠ ᠶᠢ ᠬᠠᠶᠢᠷᠠᠯᠠᠵᠤ ᠬᠠᠷᠠᠭᠠᠯᠵᠠᠬᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠭᠠᠷᠭᠠᠭᠰᠠᠨ ᠰᠠᠭᠤᠷᠢᠨ ᠳᠡᠭᠡᠷ᠎ᠡ᠂ ︽ᠤᠬᠢᠶᠠᠯᠭ᠎ᠠ ᠶᠢᠨ ᠲᠠᠰᠤᠭ︾ ︽ᠬᠤᠪᠴᠠᠰᠤ ᠤᠬᠢᠶᠠᠬᠤ ᠲᠠᠰᠤᠭ︾ ︽ᠦᠰᠦ ᠵᠠᠰᠠᠬᠤ ᠲᠠᠰᠤᠭ︾︽ᠬᠠᠷᠠᠭᠠᠯᠵᠠᠯ ᠲᠠᠢ ᠺᠢᠨᠣ᠋ ᠶᠢᠨ ᠲᠡᠮᠳᠡᠭᠲᠦ︾ ︽ᠬᠠᠷᠠᠭᠠᠯᠵᠠᠯ ᠲᠠᠢ ᠪᠣᠭᠤᠷᠰᠤᠭ ᠤᠨ ᠲᠡᠮᠳᠡᠭᠲᠦ︾ ︽ᠬᠠᠷᠠᠭᠠᠯᠵᠠᠯ ᠲᠠᠢ ᠮᠠᠰᠢᠨ ᠲᠡᠷᠭᠡᠨ ᠤ ᠲᠣᠰᠣ ᠨᠡᠮᠡᠬᠦ ᠺᠠᠷᠲ︾ ᠵᠡᠷᠭᠡ ᠴᠠᠭᠳᠠᠭ᠎ᠠ ᠶᠢ ᠬᠠᠷᠠᠭᠠᠯᠵᠠᠬᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠡᠭᠦᠳᠪᠡ᠃    ᠳᠠᠷᠠᠭ᠎ᠠ ᠨᠢ᠂ ᠡᠯ᠎ᠡ ᠠᠵᠤ ᠠᠬᠤᠶᠢᠯᠠᠯ ᠬᠤᠳᠠᠯᠳᠤᠭᠠᠴᠢᠳ ᠲᠤᠰ ᠲᠤᠰ ᠤᠨ ᠦᠢᠯᠡᠴᠢᠯᠡᠭᠡᠨ ᠤ ᠠᠭᠤᠯᠭ᠎ᠠ ᠶᠢᠨ ᠲᠤᠬᠠᠢ ᠨᠠᠷᠢᠨ ᠲᠣᠳᠣᠷᠬᠠᠶᠢᠯᠠᠯᠲᠠ ᠬᠢᠵᠦ᠂ ᠴᠠᠭᠳᠠᠭ᠎ᠠ ᠪᠣᠯᠤᠨ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠬᠡᠷᠬᠢᠨ ᠴᠢᠨᠠᠭᠰᠢᠳᠠ ᠴᠢᠩᠭᠠᠳᠬᠠᠬᠤ᠂ ᠦᠬᠠᠢ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠢ ᠬᠡᠷᠬᠢᠨ ᠠᠬᠢᠭᠤᠯᠬᠤ ᠲᠤᠬᠠᠢ ᠴᠠᠭᠳᠠᠭ᠎ᠠ ᠶᠢ ᠬᠠᠷᠠᠭᠠᠯᠵᠠᠬᠤ ᠠᠵᠢᠯ ᠤᠨ ᠲᠠᠯ᠎ᠠ ᠪᠠᠷ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠭᠰᠠᠨ ᠪᠥᠭᠡᠳ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠬᠢ ᠶᠢᠨ ᠤᠷᠳᠤ ᠬᠤᠭᠤᠴᠠᠭᠠᠨ ᠤ ᠲᠤᠷᠰᠢ ᠬᠤᠳᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ᠂ ᠭᠤᠣᠯᠳᠠᠯᠭ᠎ᠠ ᠲᠠᠢ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠲᠠᠯ᠎ᠠ ᠪᠠᠷ ᠦᠵᠡᠭᠦᠯᠦᠭᠰᠡᠨ ᠲᠤᠪᠤᠶᠢᠮ᠎ᠠ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠬᠢ ᠶᠢᠨ ᠨᠠᠮ ᠤᠨ ᠬᠤᠷᠢᠶ᠎ᠠ ᠡᠯ᠎ᠡ ᠠᠵᠤ ᠠᠬᠤᠶᠢᠯᠠᠯ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠤᠢᠢᠷ᠎ᠠ ᠶᠢᠨ ᠵᠢᠯ ᠤᠨ ᠲᠤᠷᠰᠢᠬᠢ ᠦᠬᠠᠢ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠤᠨ ᠪᠠᠶᠢᠳᠠᠯ ᠵᠢᠴᠢ ᠣᠯᠤᠭᠰᠠᠨ ᠠᠵᠢᠯ ᠤᠨ ᠦᠷ᠎ᠡ ᠪᠦᠲᠦᠮᠵᠢ ᠶᠢ ᠤᠯᠠᠨ ᠳᠤ ᠲᠠᠨᠢᠯᠴᠠᠭᠤᠯᠪᠠ᠃
微信图片_20240424151543.png  
    ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠠᠷᠠᠳ ᠤᠨ ᠲᠥᠯᠥᠭᠡ᠂ ᠠᠵᠤ ᠠᠬᠤᠶᠢᠯᠠᠯ ᠤᠨ ᠬᠢᠨ ᠴᠠᠭᠳᠠᠭ᠎ᠠ ᠶᠢ ᠬᠠᠯᠠᠮᠵᠢᠯᠠᠬᠤ᠂ ︽ᠴᠠᠭᠳᠠᠭ᠎ᠠ ᠪᠠᠨ ᠬᠠᠶᠢᠷᠠᠯᠠᠬᠤ ᠬᠤᠯᠪᠣᠭ᠎ᠠ︾ ᠶᠢᠨ ᠲᠥᠪᠯᠡᠷᠡᠭᠦᠯᠦᠨ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠬᠤ ᠪᠣᠯ ᠴᠠᠭᠳᠠᠭ᠎ᠠ ᠪᠠ ᠠᠵᠤ ᠠᠬᠤᠶᠢᠯᠠᠯ ᠬᠠᠮᠲᠤ ᠪᠠᠷ ᠪᠠᠶᠢᠭᠤᠯᠬᠤ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠭᠥᠷᠳᠡᠬᠦ ᠶᠢᠨ ᠠᠰᠢᠭᠲᠠᠶ ᠲᠤᠷᠰᠢᠯᠲᠠ ᠮᠥᠨ᠃ ᠲᠠᠷᠠᠭᠠᠴᠢ ᠶᠢᠨ ᠠᠯᠬᠤᠮ ᠳᠤ᠂ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠠᠶᠤᠯ ᠦᠭᠡᠢ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠡᠭᠦᠷᠭᠡᠯᠡᠵᠦ᠂ ᠡᠷᠡᠮᠡᠬᠡᠶᠢᠯᠡᠨ ᠡᠷᠡᠯᠬᠡᠭᠯᠡᠨ ᠤᠷᠤᠭᠰᠢᠯᠠᠨ᠂ ︽ᠠᠮᠤᠷ ᠠᠮᠤᠭᠤᠯᠠᠩ ᠦᠬᠠᠶ︾ ᠳᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠬᠦᠴᠦᠨ ᠴᠢᠳᠠᠯ ᠢᠶᠠᠨ ᠡᠷᠭᠦᠵᠦ᠂ ᠠᠷᠠᠳ ᠣᠯᠠᠨ ᠤ ᠠᠮᠤᠷ ᠲᠠᠶᠢᠪᠤᠩ ᠢᠶᠠᠷ ᠶᠠᠪᠤᠵᠤ ᠰᠠᠭᠤᠬᠤ ᠶᠢ ᠬᠠᠮᠠᠭᠠᠯᠠᠨ᠎ᠠ᠃ 
ᠢᠷᠡᠯᠲᠡ᠄ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ