ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠳᠥᠷᠪᠡᠨ ᠲᠠᠯ᠎ᠠ︾ ᠠᠴᠠ ᠭᠠᠷᠳᠠᠵᠤ ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/6/25
    ᠠᠪᠠᠭ᠎ᠠ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠳᠣᠲᠣᠭᠠᠳᠤ ᠶᠢ ᠬᠠᠮᠠᠭᠠᠯᠠᠬᠤ ᠴᠣᠩᠬᠤᠪᠴᠢ ᠨᠢ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠷᠭᠦᠯᠵᠢᠯᠡᠨ ᠪᠠᠷᠢᠮᠲᠠᠯᠠᠵᠤ᠂ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠬᠦᠴᠦᠲᠡᠶ ᠠᠬᠢᠭᠤᠯᠵᠤ᠂ ᠦᠢᠯᠡᠴᠢᠯᠡᠭᠡᠨ ᠤ ᠴᠣᠩᠬᠤᠪᠴᠢ ᠶᠢᠨ ᠬᠠᠮᠢᠶᠠᠷᠤᠯᠲᠠ ᠶᠢᠨ ᠵᠠᠭᠪᠤᠷ᠂ ᠦᠢᠯᠡᠴᠢᠯᠡᠭᠡᠨ ᠤ ᠣᠶᠢᠯᠠᠭᠠᠭᠳᠠᠬᠤᠨ ᠢ ᠲᠠᠰᠤᠷᠠᠯᠲᠠ ᠥᠬᠡᠶ ᠰᠢᠨᠡᠴᠢᠯᠡᠨ ᠰᠠᠶᠢᠵᠢᠷᠠᠭᠤᠯᠵᠤ᠂ ︽ᠲᠦᠷᠢᠮ ᠢ ᠲᠡᠭᠦᠯᠳᠡᠷᠵᠢᠭᠦᠯᠬᠦ᠂ ᠬᠤᠷᠳᠤᠴᠠ ᠶᠢ ᠳᠡᠭᠡᠭᠰᠢᠯᠡᠭᠦᠯᠬᠦ᠂ ᠣᠨᠴᠠᠯᠢᠭ ᠢ ᠲᠣᠪᠤᠶᠢᠯᠭᠠᠬᠤ᠂ ᠲᠣᠳᠤᠨᠤᠰᠤᠭ ᠦᠢᠯᠡᠴᠢᠯᠡᠬᠦ︾ ᠵᠡᠷᠭᠡ ᠳᠥᠷᠪᠡᠨ ᠲᠠᠯ᠎ᠠ ᠠᠴᠠ ᠭᠠᠷᠳᠠᠵᠤ᠂ ᠴᠣᠩᠬᠤᠪᠴᠢ ᠦᠢᠯᠡᠴᠢᠯᠡᠭᠡᠨ ᠤ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠴᠣᠩᠬᠤᠪᠴᠢ ᠦᠢᠯᠡᠴᠢᠯᠡᠭᠡᠨ ᠤ︽ᠳᠠᠭᠠᠭᠤᠯᠤᠭᠴᠢ︾ ᠪᠣᠯᠬᠤ ᠪᠠᠷ ᠴᠢᠷᠮᠠᠶᠢᠪᠠ᠃
2b60b306aeff1fe03db093a7265775f.jpg 
    ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠳᠤ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠬᠠᠤᠯᠢ ᠲᠣᠭᠲᠠᠭᠠᠯ ᠶᠣᠰᠣᠭᠠᠷ᠂ ᠪᠠᠴᠢᠮ ᠶᠠᠪᠤᠳᠠᠯ ᠢ ᠪᠠᠴᠢᠮ ᠰᠢᠢᠳᠪᠦᠷᠢᠯᠡᠬᠦ᠂ ᠣᠨᠴᠠᠭᠠᠶ ᠶᠠᠪᠤᠳᠠᠯ ᠢ ᠣᠨᠴᠠᠭᠠᠶ ᠰᠢᠢᠳᠪᠦᠷᠢᠯᠡᠬᠦ᠂ ᠥᠨᠳᠥᠷ ᠦᠷ᠎ᠡ ᠪᠦᠲᠦᠮᠵᠢᠲᠡᠶ ᠪᠠᠷ ᠭᠦᠢᠴᠡᠳᠬᠡᠬᠦ︾ ᠵᠠᠷᠴᠢᠮ ᠢ ᠪᠠᠷᠢᠮᠲᠠᠯᠠᠨ᠂ ︽ᠴᠢᠩᠭ᠎ᠠ᠂ ᠲᠦᠷᠭᠡᠨ᠂ ᠰᠢᠯᠢᠳᠡᠭ︾ ᠭᠤᠷᠪᠠᠨ ᠦᠰᠦᠭ ᠤᠨ ᠴᠢᠭᠯᠡᠯᠲᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢ ᠳᠥᠭᠦᠮᠴᠢᠯᠡᠬᠦ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠪᠠᠷ ᠡᠭᠦᠰᠭᠡᠯ ᠪᠠ ᠲᠡᠭᠦᠰᠬᠡᠯ ᠪᠣᠯᠭᠠᠵᠤ᠂ ᠴᠣᠩᠬᠤᠪᠴᠢ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠨ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠳᠣᠲᠣᠭᠠᠳᠤ ᠶᠢ ᠬᠠᠮᠠᠭᠠᠯᠠᠬᠤ ᠦᠢᠯᠡᠴᠢᠯᠡᠭᠡᠨ ᠤ ᠴᠣᠩᠬᠤᠪᠴᠢ ᠶᠢᠨ ᠰᠢᠨ᠎ᠡ ᠬᠢᠯᠠᠰ ᠴᠡᠭ ᠢ ᠬᠦᠴᠦᠯᠡᠨ ᠪᠣᠶ ᠪᠣᠯᠭᠠᠪᠠ᠃   
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ