ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ | ᠭᠡᠳᠡᠭ ᠢ ᠢᠮᠠᠭᠲᠠ ᠦᠢᠯᠡᠳᠦᠯᠭᠡᠵᠢᠭᠦᠯᠵᠦ᠂ ︽ᠠᠮᠢ ᠠᠬᠤᠶ ᠶᠢᠨ ᠴᠠᠭᠳᠠᠭᠠᠨ ᠤ ᠶᠠᠪᠤᠳᠠᠯ︾ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠠᠮᠢ ᠠᠬᠤᠶ ᠣᠷᠴᠢᠨ | ᠲᠣᠭᠤᠷᠢᠨ ᠵᠢᠴᠢ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠠᠵᠢᠯᠯᠠᠭ᠎ᠠ ᠶᠢ ᠶᠡᠬᠡᠪᠡᠷ ᠥᠷᠨᠢᠭᠦᠯᠪᠡ᠃ ᠣᠶ ᠰᠢᠭᠤᠶ ᠨᠤᠲᠤᠭ ᠪᠡᠯᠴᠢᠭᠡᠷ ᠵᠢᠴᠢ ᠬᠡᠭᠡᠷ᠎ᠡ ᠶᠢᠨ ᠠᠮᠢᠲᠠᠨ ᠤ | ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠬᠠᠷᠢᠶ᠎ᠠ ᠣᠷᠣᠨ ᠤ ᠣᠯᠠᠨ ᠲᠦᠮᠡᠨ ᠤ ᠠᠮᠢ | ᠠᠬᠤᠶ ᠶᠢᠨ ᠡᠬᠢ ᠪᠠᠶᠠᠯᠢᠭ ᠵᠢᠴᠢ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠦᠵᠡᠯ ᠤᠬᠠᠮᠰᠠᠷ ᠢ ᠪᠦᠲᠦᠮᠵᠢᠲᠡᠶ ᠴᠢᠩᠭᠠᠳᠬᠠᠪᠠ᠃ | | | | ᠤᠶᠢᠷ᠎ᠠ ᠶᠢᠨ ᠵᠢᠯ ᠳᠤ᠂ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠡᠷᠴᠢᠮ ᠢᠶᠠᠨ | ᠲᠠᠰᠤᠷᠠᠯᠲᠠ ᠦᠭᠡᠢ ᠴᠢᠩᠭᠠᠳᠬᠠᠵᠤ᠂ ᠬᠥᠬᠡ ᠲᠡᠭᠷᠢ᠂ ᠴᠡᠩᠭᠡᠭ ᠤᠰᠤ᠂ ᠬᠥᠷᠥᠰᠥ ᠰᠢᠷᠤᠢ ᠶᠢ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ ᠯᠠᠪᠳᠠᠭᠤᠨ ᠪᠠᠲᠤᠲᠠᠢ | ᠠᠬᠢᠭᠤᠯᠪᠠ᠃ | 4 ᠳ᠋ᠦ᠋ᠭᠡᠷ ᠰᠠᠷ᠎ᠠ ᠶᠢᠨ 9 ᠤ ᠦᠳᠡ ᠶᠢᠨ ᠡᠮᠦᠨ᠎ᠡ᠂ ᠠᠮᠢ ᠠᠬᠤᠢ ᠢᠳᠡᠭᠡᠨ ᠤᠮᠳᠠᠭᠠᠨ ᠡᠮ ᠤᠨ ᠵᠦᠢᠯ ᠤᠨ ᠶᠠᠯᠠᠲᠤ ᠬᠡᠷᠡᠭ ᠢ ᠲᠣᠷᠰᠢᠨ ᠪᠠᠶᠢᠴᠠᠭᠠᠬᠤ ᠶᠡᠭᠡ | ᠠᠩᠭᠢ ᠶᠢᠨ ᠠᠷᠠᠳ ᠤᠨ ᠴᠠᠭᠳᠠᠭ᠎ᠠ ᠠᠴᠠ ᠬᠠᠷᠢᠶᠠᠲᠤ ᠣᠷᠣᠨ ᠤ ᠣᠯᠠᠨ ᠲᠦᠮᠡᠨ ᠤ ᠢᠷᠡᠭᠦᠯᠦᠭᠰᠡᠨ ︽ᠰᠢᠷᠬᠠᠳᠤᠭᠰᠠᠨ ᠨᠢᠭᠡ ᠰᠢᠪᠠᠭᠤ ᠮᠠᠨ ᠤ ᠦᠢᠯᠡᠳᠪᠦᠷᠢ ᠶᠢᠨ | ᠲᠣᠭᠤᠷᠢᠭ ᠤᠨ ᠠᠵᠢᠯᠲᠠᠨ ᠤ ᠪᠠᠶᠢᠷᠢ ᠶᠢᠨ ᠡᠭᠦᠳᠡᠨ ᠳᠤ ᠤᠨᠠᠵᠤ᠂ ᠦᠵᠡᠬᠦ ᠳᠤ ᠡᠩ ᠤᠨ ᠰᠢᠪᠠᠭᠤ ᠰᠢᠭ᠋ ᠪᠢᠰᠢ ᠪᠠᠶᠢᠨ᠎ᠠ ᠁︾ ᠭᠡᠰᠡᠨ ᠲᠥᠭᠰᠢᠭᠦᠷᠢ | ᠮᠡᠳᠡᠭᠦᠯᠦᠯᠳᠡ ᠶᠢ ᠲᠣᠰᠪᠠ᠃ | | | | ᠠᠷᠠᠳ ᠤᠨ ᠴᠠᠭᠳᠠᠭ᠎ᠠ ᠲᠡᠷᠡ ᠳᠠᠷᠤᠶ ᠳᠤ ᠨᠢ ᠲᠤᠬᠠᠶ ᠶᠢᠨ ᠲᠠᠯᠠᠪᠤᠷ ᠲᠤ ᠬᠦᠷᠴᠦ ᠠᠩᠬ᠎ᠠ ᠠᠯᠬᠤᠮ ᠠᠵᠢᠭᠯᠠᠭᠰᠠᠨ ᠤ ᠳᠠᠷᠠᠭ᠎ᠠ᠂ ᠤᠯᠤᠰ ᠤᠨ ᠬᠤᠶᠠᠳᠤᠭᠠᠷ | ᠳᠡᠰ ᠤᠨ ᠬᠠᠮᠠᠭᠠᠯᠠᠯᠲᠠ ᠶᠢᠨ ᠠᠮᠢᠲᠠᠨ ᠪᠣᠯᠬᠤ ᠶᠢ ᠮᠠᠭᠠᠳᠯᠠᠪᠠ᠃ ᠲᠡᠷᠡ ᠳᠠᠷᠤᠶ ᠰᠢᠯᠢᠩᠬᠤᠲᠠ ᠶᠢᠨ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠥᠷᠲᠡᠭᠡ ᠳᠤ | ᠬᠦᠷᠭᠡᠵᠦ ᠲᠤᠰᠬᠠᠶ ᠮᠡᠷᠭᠡᠵᠢᠯ ᠤᠨ ᠠᠪᠤᠷᠠᠨ ᠲᠤᠰᠠᠯᠠᠯᠲᠠ ᠬᠢᠯᠭᠡᠵᠦ᠂ ᠠᠵᠢᠯᠲᠠᠳ ᠢᠶᠠᠷ ᠢᠯᠭᠠᠨ ᠲᠠᠨᠢᠭᠤᠯᠤᠭᠠᠳ᠂ ᠲᠡᠭᠦᠨ ᠢ ᠤᠯᠤᠰ ᠤᠨ ᠬᠤᠶᠠᠳᠤᠭᠠᠷ ᠳᠡᠰ ᠤᠨ | ᠬᠠᠮᠠᠭᠠᠯᠠᠯᠲᠠ ᠶᠢᠨ ᠠᠮᠢᠲᠠᠨ ᠤ ᠤᠯᠠᠭᠠᠨ ᠨᠠᠴᠢᠨ ᠭᠡᠵᠦ ᠨᠤᠲᠠᠯᠠᠵᠠᠶ᠃ | |