4 ᠳ᠋ᠦ᠋ᠭᠡᠷ ᠰᠠᠷ᠎ᠠ ᠶᠢᠨ 16 ᠤ ᠤᠷᠤᠢ ᠶᠢᠨ ᠬᠦᠮᠦᠨ ᠣᠯᠠᠨ ᠴᠠᠭ ᠥᠶ᠎ᠡ ᠶᠢ ᠲᠤᠬᠢᠶᠠᠯᠳᠤᠭᠤᠯᠤᠨ᠂ ᠬᠦᠬᠡᠬᠤᠲᠠ ᠶᠢᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠪᠤᠷᠢ ᠠᠩᠬᠢ ᠶᠢᠨ ᠰᠢᠨ᠎ᠡ ᠬᠤᠲᠠ ᠲᠣᠭᠤᠷᠢᠭ ᠤᠨ ᠶᠡᠭᠡ ᠠᠩᠬᠢ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠵᠣᠬᠢᠶᠠᠨ | ᠪᠠᠶᠢᠭᠤᠯᠵᠤ ᠬᠥᠬᠡᠬᠤᠲᠠ ᠶᠢᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠪᠡ᠃ | | | | ᠡᠨᠡ ᠬᠤᠭᠤᠴᠠᠭᠠᠨ ᠳᠤ᠂ ᠠᠷᠠᠳ ᠤᠨ ᠴᠠᠭᠳᠠᠭ᠎ᠠ ᠤᠬᠠᠭᠤᠯᠭ᠎ᠠ ᠶᠢᠨ ᠲᠡᠷᠭᠡ ᠶᠢ ᠰᠤᠷᠭᠠᠭᠤᠯᠢ ᠶᠢᠨ ᠡᠭᠦᠳᠡᠨ ᠳᠤ ᠵᠤᠭᠰᠤᠭᠠᠵᠤ᠂ ᠲᠡᠷᠭᠡᠨ ᠳᠡᠭᠡᠷᠡᠬᠢ | ᠡᠯᠧᠺᠲᠷᠦᠨ ᠳᠡᠯᠭᠡᠴᠡ ᠶᠢ ᠠᠰᠢᠭᠯᠠᠨ᠂ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠹᠢᠯᠢᠮ ᠨᠡᠪᠲᠡᠷᠡᠭᠦᠯᠬᠦ ᠬᠡᠯᠪᠡᠷᠢ ᠪᠠᠷ ᠳᠠᠮᠵᠢᠭᠤᠯᠤᠨ᠂ ᠦᠷᠭᠦᠯᠵᠢ | ᠲᠣᠬᠢᠶᠠᠯᠳᠤᠳᠠᠭ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ᠂ ᠣᠷᠣᠰᠢᠵᠤ ᠪᠠᠶᠢᠭ᠎ᠠ ᠵᠠᠮ ᠬᠠᠷᠢᠯᠴᠠᠭᠠᠨ ᠤ ᠠᠮᠤᠷ ᠲᠦᠪᠰᠢᠨ ᠤ | ᠠᠰᠠᠭᠤᠳᠠᠯ ᠵᠢᠴᠢ ᠣᠶᠢᠷ᠎ᠠ ᠬᠠᠪᠢ ᠳᠤ ᠡᠭᠦᠰᠦᠭᠰᠡᠨ ᠵᠠᠮ ᠬᠠᠷᠢᠯᠴᠠᠭᠠᠨ ᠤ ᠨᠡᠶᠢᠲᠡᠯᠢᠭ ᠠᠳᠡᠯ ᠤᠨ ᠵᠢᠱᠢᠶ᠎ᠡ ᠲᠠᠢ ᠤᠶᠠᠯᠳᠤᠭᠤᠯᠤᠨ ᠤᠬᠠᠭᠤᠯᠭ᠎ᠠ ᠥᠷᠨᠢᠭᠦᠯᠵᠦ᠂ | ᠰᠤᠷᠤᠭᠴᠢ ᠪᠠ ᠬᠡᠷ ᠤᠨ ᠠᠬᠠᠮᠠᠳ ᠲᠤ ᠶᠠᠪᠤᠵᠤ ᠰᠠᠭᠤᠬᠤ ᠳᠤ ᠠᠩᠬᠠᠷᠬᠤ ᠵᠦᠢᠯᠡᠰ ᠢ ᠣᠶᠢᠯᠠᠭᠠᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ | ᠳᠡᠭᠡᠭᠰᠢᠯᠡᠭᠦᠯᠦᠨ᠂ ᠲᠣᠰ ᠪᠡᠶ᠎ᠡ ᠶᠢᠨ ᠠᠮᠤᠷ ᠲᠦᠪᠰᠢᠨ ᠢ ᠠᠩᠬᠠᠷᠤᠭᠤᠯᠪᠠ᠃ | | | | ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠤᠯᠠᠨ ᠰᠤᠷᠤᠭᠴᠢᠳ ᠤᠨ ᠭᠡᠷ ᠤᠨ ᠠᠬᠠᠮᠠᠳ ᠢ ᠪᠣᠯᠪᠠᠰᠤᠨ ᠵᠠᠮ ᠬᠠᠷᠢᠯᠴᠠᠭᠠᠨ ᠤ | ᠦᠢᠯᠡᠳᠦᠯᠭᠡᠵᠢᠭᠦᠯᠦᠭᠴᠢ ᠪᠠ ᠤᠯᠠᠮᠵᠢᠯᠠᠨ ᠨᠡᠪᠲᠡᠷᠡᠭᠦᠯᠦᠭᠴᠢ ᠪᠣᠯᠭᠠᠵᠤ᠂ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠵᠢᠷᠤᠮᠯᠠᠬᠤ᠂ ᠠᠮᠤᠷ ᠲᠦᠪᠰᠢᠨ ᠪᠥᠭᠡᠳ ᠡᠮᠬᠢ | ᠵᠢᠷᠤᠮ ᠲᠠᠢ ᠪᠠᠷ ᠲᠡᠷᠭᠡ ᠵᠣᠭᠰᠣᠭᠠᠬᠤ᠂ ᠪᠣᠯᠪᠠᠰᠤᠨ ᠪᠥᠭᠡᠳ ᠡᠮᠬᠢ ᠵᠢᠷᠤᠮ ᠲᠠᠢ ᠪᠠᠷ ᠶᠠᠪᠤᠵᠤ ᠰᠠᠭᠤᠬᠤ ᠳᠠᠳᠬᠠᠯ ᠢ ᠪᠤᠢ ᠪᠣᠯᠭᠠᠪᠠ᠃ | |