ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽4·15︾ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2024/6/25
     ᠶᠢᠰᠦᠳᠦᠭᠡᠷ ᠤᠳᠠᠭᠠᠨ ᠤ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽4·15︾ ᠤ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠴᠢᠨᠠᠭᠰᠢᠳᠠ ᠴᠢᠩᠭᠠᠳᠬᠠᠨ᠂ ᠥᠷᠭᠡᠨ ᠤᠯᠠᠨ ᠠᠷᠠᠳ ᠲᠦᠮᠡᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠠᠢ᠃
微信图片_20240412211004.jpg  
     4 ᠰᠠᠷ᠎ᠠ ᠶᠢᠨ 12 ᠤᠨ ᠡᠳᠦᠷ᠂ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠤᠯᠢ ᠲᠦᠷᠢᠮ ᠤᠨ ᠰᠠᠯᠪᠤᠷᠢ ᠠᠩᠭᠢ ᠬᠤᠲᠠ ᠶᠢᠨ ᠠᠷᠠᠳ ᠤᠨ ᠴᠡᠴᠡᠷᠯᠢᠭ ᠲᠤ ︽4·15︾ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠠᠷᠠᠳ ᠤᠨ ᠴᠠᠭᠳᠠᠭ᠎ᠠ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ᠂ ᠮᠠᠳᠠᠭ ᠲᠠᠢ ᠠᠰᠠᠭᠤᠳᠠᠯ ᠢ ᠲᠠᠶᠢᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠥᠷᠭᠡᠨ ᠣᠯᠠᠨ ᠲᠦᠮᠡᠨ ᠳᠤ ᠤᠯᠤᠰ ᠤᠨ ᠠᠮᠤᠷ ᠲᠦᠪᠰᠢᠨ ᠤ ᠶᠡᠷᠦᠩᠬᠡᠶ ᠦᠵᠡᠯᠲᠡ ᠶᠢᠨ ᠠᠭᠤᠯᠤᠭᠳᠠᠬᠤᠨ᠂ ᠠᠷᠠᠳ ᠢᠷᠭᠡᠳ ᠤᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤᠮᠳᠠᠬᠢ ᠡᠷᠬᠡ ᠡᠭᠦᠷᠭᠡ᠂ ᠡᠳᠦᠷ ᠲᠤᠲᠤᠮ ᠤᠨ ᠠᠮᠢᠳᠤᠷᠠᠯ ᠤᠨ ᠳᠤᠮᠳᠠ ᠰᠡᠷᠡᠮᠵᠢᠯᠡᠪᠡᠯ ᠵᠣᠬᠢᠬᠤ ᠤᠯᠤᠰ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ ᠪᠠᠶᠢᠳᠠᠯ ᠵᠢᠴᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤᠮᠳᠠᠬᠢ ᠲᠤᠰᠢᠶᠠᠯ ᠬᠠᠷᠢᠭᠤᠴᠠᠯᠭ᠎ᠠ ᠵᠡᠷᠭᠡ ᠠᠭᠤᠯᠭ᠎ᠠ ᠶᠢ ᠤᠬᠠᠭᠤᠯᠪᠠ᠃    ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠠᠷᠠᠳ ᠤᠨ ᠴᠠᠭᠳᠠᠭ᠎ᠠ ᠤᠬᠠᠭᠤᠯᠭ᠎ᠠ ᠶᠢᠨ ᠰᠠᠮᠪᠠᠷ᠎ᠠ᠂ ᠤᠬᠠᠭᠤᠯᠭ᠎ᠠ ᠶᠢᠨ ᠭᠠᠷ ᠳᠡᠪᠲᠡᠷ ᠢᠶᠠᠷ ᠳᠠᠮᠵᠢᠭᠤᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠨᠠᠭᠤᠯ ᠢ ᠡᠰᠡᠷᠭᠦᠴᠡᠬᠦ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠪᠠᠷ ᠣᠷᠤᠬᠤ ᠭᠠᠷᠬᠤ ᠬᠠᠮᠢᠶᠠᠷᠤᠯᠲᠠ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠫᠠᠰᠫᠣᠷᠲ ᠤᠨ ᠬᠠᠤᠯᠢ︾ ᠵᠡᠷᠭᠡ ᠬᠠᠤᠯᠢ ᠴᠠᠭᠠᠵᠠ ᠶᠢᠨ ᠠᠭᠤᠯᠭ᠎ᠠ ᠶᠢ ᠨᠠᠷᠢᠨ ᠲᠠᠨᠢᠯᠴᠠᠭᠤᠯᠵᠠᠶ᠃ ᠠᠵᠢᠯᠯᠠᠭ᠎ᠠ ᠶᠢᠨ ᠳᠤᠮᠳᠠ᠂ ᠤᠯᠠᠨ ᠲᠦᠮᠡᠨ ᠤ ᠯᠠᠪᠯᠠᠯᠲᠠ ᠳᠤ ᠨᠡᠶᠢᠳᠡ 50 ᠭᠠᠷᠤᠶ ᠬᠥᠮᠦᠨ ᠤᠳᠠᠭ᠎ᠠ ᠬᠠᠷᠢᠭᠤᠯᠲᠠ ᠥᠭᠴᠦ᠂ 200 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠪᠠ᠃
微信图片_20240412211034.jpg  
    ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠤᠷᠰᠢᠨ ᠪᠠᠶᠢᠴᠠᠭᠠᠬᠤ ᠲᠥᠪ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠢᠶᠠᠷ ᠠᠵᠠ ᠲᠣᠬᠢᠶᠠᠯ ᠪᠣᠯᠭᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠡᠢ᠃ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠬᠠᠭᠤᠷᠤᠨ ᠮᠡᠬᠡᠯᠡᠬᠦ ᠶᠢ ᠡᠰᠡᠷᠭᠦᠴᠡᠬᠦ ᠠᠷᠠᠳ ᠤᠨ ᠴᠠᠭᠳᠠᠭ᠎ᠠ ᠨᠠᠭᠠᠰᠢ ᠴᠠᠭᠠᠰᠢ ᠥᠩᠭᠡᠷᠡᠬᠦ ᠣᠯᠠᠨ ᠲᠦᠮᠡᠨ ᠳᠤ ᠦᠷᠭᠦᠯᠵᠢ ᠲᠣᠬᠢᠶᠠᠯᠳᠤᠳᠠᠭ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠠᠷᠭ᠎ᠠ ᠪᠠᠷᠢᠯ ᠪᠠ ᠨᠡᠶᠢᠲᠡᠯᠢᠭ ᠬᠡᠷᠡᠭ ᠤᠨ ᠵᠢᠱᠢᠶ᠎ᠡ ᠶᠢ ᠲᠠᠶᠢᠯᠪᠤᠷᠢᠯᠠᠨ ᠥᠭᠴᠦ᠂ ᠥᠷᠭᠡᠨ ᠣᠯᠠᠨ ᠲᠦᠮᠡᠨ ᠳᠤ ᠡᠷᠬᠡᠪᠰᠢ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠥᠪᠡᠷ ᠤᠨ ︽ᠵᠣᠭᠤᠰᠣᠨ ᠴᠥᠩᠬᠦ︾ ᠪᠠᠨ ᠰᠠᠶᠢᠲᠤᠷ ᠰᠠᠬᠢᠬᠤ ᠬᠡᠷᠡᠭᠲᠡᠶ ᠭᠡᠵᠦ ᠰᠠᠨᠠᠭᠤᠯᠵᠠᠶ᠃ ᠠᠵᠢᠯᠯᠠᠭ᠎ᠠ ᠶᠢᠨ ᠳᠤᠮᠳᠠ᠂ ᠮᠡᠬᠡᠯᠡᠨ ᠬᠢᠬᠠᠬᠤ ᠶᠢ ᠡᠰᠡᠷᠭᠦᠴᠡᠬᠦ ᠤᠬᠠᠭᠤᠯᠭ᠎ᠠ ᠶᠢᠨ ᠳᠡᠪᠲᠡᠷ ᠢ 200 ᠭᠠᠷᠤᠶ ᠬᠤᠪᠢ ᠲᠠᠷᠬᠠᠭᠠᠵᠤ᠂ ᠲᠤᠬᠠᠶ ᠶᠢᠨ ᠲᠠᠯᠠᠪᠤᠷ ᠲᠤ ᠣᠯᠠᠨ ᠲᠦᠮᠡᠨ ᠤ ᠠᠰᠠᠭᠤᠨ ᠯᠠᠪᠯᠠᠭᠰᠠᠨ ᠢ 100 ᠭᠠᠷᠤᠶ ᠬᠥᠮᠦᠨ ᠤᠳᠠᠭ᠎ᠠ ᠬᠠᠷᠢᠭᠤᠯᠤᠨ᠂ ᠲᠤᠬᠠᠶ ᠶᠢᠨ ᠲᠠᠯᠠᠪᠤᠷ ᠲᠤ ᠣᠯᠠᠨ ᠲᠦᠮᠡᠨ ᠢ ᠵᠢᠯᠣᠭᠤᠳᠤᠨ ︽ᠤᠯᠤᠰ ᠤᠨ ᠮᠡᠬᠡᠯᠡᠨ ᠬᠢᠬᠠᠬᠤ ᠶᠢ ᠡᠰᠡᠷᠭᠦᠴᠡᠬᠦ ᠲᠥᠪ︾ ᠤᠨ APP ᠢ 50 ᠭᠠᠷᠤᠶ ᠬᠥᠮᠦᠨ ᠤᠳᠠᠭ᠎ᠠ ᠤᠭᠰᠠᠷᠠᠭᠤᠯᠪᠠ᠃    ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠮᠡᠷᠭᠡᠵᠢᠯ ᠤᠨ ᠰᠦᠯᠵᠢᠶᠡᠨ ᠤ ᠰᠠᠯᠪᠤᠷᠢ ᠠᠩᠭᠢ ᠶᠢᠨ ᠠᠷᠠᠳ ᠤᠨ ᠴᠠᠭᠳᠠᠭ᠎ᠠ ᠨᠠᠷ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠢᠦ᠋ᠲ᠋ᠧᠷ ᠤᠨ ᠮᠡᠳᠡᠭᠡ ᠵᠠᠩᠭᠢ ᠶᠢᠨ ᠰᠢᠰᠲ᠋ᠧᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠲᠦᠷᠢᠮ︾ ︽ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠤᠨ ᠰᠦᠯᠵᠢᠶᠡᠨ ᠤ ᠪᠣᠯᠪᠠᠰᠤᠨ ᠤ ᠨᠡᠶᠢᠲᠡ ᠶᠢᠨ ᠭᠡᠷ᠎ᠡ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠤᠷᠢᠨ ᠳᠤ ᠰᠦᠯᠵᠢᠶᠡᠨ ᠠᠴᠠ ᠲᠤᠬᠠᠶ ᠶᠢᠨ ᠲᠠᠯᠠᠪᠤᠷ ᠲᠤ ᠤᠬᠠᠭᠤᠯᠭ᠎ᠠ ᠶᠢᠨ ᠳᠡᠪᠲᠡᠷ ᠲᠠᠷᠬᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠥᠷᠭᠡᠨ ᠣᠯᠠᠨ ᠬᠤᠲᠠ ᠶᠢᠨ ᠠᠷᠠᠳ ᠢ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠥᠭᠡᠳᠡᠯᠡᠨ ᠳᠠᠪᠰᠢᠬᠤ ᠪᠠ ᠪᠣᠯᠪᠠᠰᠤᠨ ᠢᠶᠠᠷ ᠰᠦᠯᠵᠢᠶᠡᠨ ᠳᠤ ᠭᠠᠷᠴᠤ ᠰᠦᠯᠵᠢᠶ᠎ᠡ ᠶᠢ ᠬᠡᠷᠡᠭᠯᠡᠬᠦ ᠶᠢ ᠢᠳᠡᠪᠬᠢᠲᠡᠶ ᠤᠷᠢᠶᠠᠯᠠᠵᠤ᠂ ᠴᠤᠤᠷᠬᠠᠯ ᠢ ᠠᠮᠠᠷᠬᠠᠨ ᠢᠲᠡᠭᠡᠬᠦ ᠥᠬᠡᠶ᠂ ᠬᠥᠮᠦᠨ ᠳᠤ ᠲᠤᠰᠠ ᠬᠢᠵᠦ ᠰᠦᠯᠵᠢᠶᠡᠨ ᠤ ᠬᠦᠴᠦᠷᠬᠡᠭᠯᠡᠯ ᠢ ᠡᠰᠡᠷᠭᠦᠴᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ ᠭᠡᠵᠡᠶ᠃ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠤᠯᠠᠨ ᠲᠦᠮᠡᠨ ᠤ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢᠨ ᠲᠤᠬᠠᠶ ᠣᠶᠢᠯᠠᠭᠠᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠤᠯᠠᠨ ᠲᠦᠮᠡᠨ ᠤ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠡᠮᠡᠭᠳᠡᠭᠦᠯᠪᠡ᠃    ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠲᠣᠭᠤᠷᠢᠨ ᠴᠠᠭᠳᠠᠬᠤ ᠣᠨᠴᠠ ᠲᠥᠷᠦᠯ ᠤᠨ ᠴᠠᠭᠳᠠᠭ᠎ᠠ ᠶᠢᠨ ᠰᠠᠯᠪᠤᠷᠢ ᠠᠩᠬᠢ ︽ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ · ᠰᠢᠨ᠎ᠡ ᠶᠢ ᠡᠭᠦᠳᠬᠦ ᠪᠠᠷ ᠬᠦᠳᠦᠯᠥᠨ ᠳᠠᠭᠠᠭᠤᠯᠤᠭᠰᠠᠨ 10 ᠵᠢᠯ ᠤᠨ ᠤᠢ︾ ᠭᠡᠬᠦ ᠭᠤᠣᠯ ᠰᠡᠳᠦᠪᠲᠦ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃ ᠠᠷᠠᠳ ᠤᠨ ᠴᠠᠭᠳᠠᠭ᠎ᠠ ᠦᠵᠡᠭᠦᠯᠦᠯᠭᠡ ᠶᠢᠨ ᠰᠠᠮᠪᠠᠷ᠎ᠠ ᠪᠠᠷ ᠲᠠᠶᠢᠯᠪᠤᠷᠢᠯᠠᠬᠤ᠂ ᠲᠤᠬᠠᠶ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠬᠠᠷᠢᠭᠤᠯᠬᠤ᠂ ᠱᠠᠩᠨᠠᠯ ᠲᠠᠢ ᠠᠰᠠᠭᠤᠯᠲᠠ ᠬᠠᠷᠢᠭᠤᠯᠲᠠ ᠥᠭᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠥᠪᠥᠷ ᠮᠣᠩᠭᠤᠯ ᠤᠨ ᠰᠦᠷᠳᠡᠭᠦᠯᠦᠯ ᠢ ᠡᠰᠡᠷᠭᠦᠴᠡᠬᠦ ᠸᠢᠴᠠᠲ ᠤᠨ ᠨᠡᠶᠢᠲᠡ ᠶᠢᠨ ᠳ᠋ᠤᠭᠠᠷ ᠢ ᠲᠠᠨᠢᠯᠴᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠤᠯᠠᠨ ᠲᠦᠮᠡᠨ ᠳᠤ ᠰᠦᠷᠳᠡᠭᠦᠯᠬᠦ ᠦᠵᠡᠯ ᠤᠨ ᠬᠤᠣᠷ ᠬᠥᠨᠥᠭᠡᠯ᠂ ᠰᠦᠷᠳᠡᠭᠦᠯᠦᠯ ᠢ ᠡᠰᠡᠷᠭᠦᠴᠡᠬᠦ ᠠᠵᠢᠯ ᠤᠨ ᠠᠷᠠᠳ ᠤᠯᠠᠨ ᠤ ᠦᠨᠳᠦᠰᠦ ᠰᠠᠭᠤᠷᠢ ᠶᠢ ᠪᠠᠲᠤᠳᠬᠠᠬᠤ ᠴᠢᠬᠤᠯᠠ ᠴᠢᠨᠠᠷ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠵᠤ᠂ ᠪᠠᠰᠠ ᠬᠤᠯᠪᠣᠭᠳᠠᠯ ᠪᠦᠬᠦᠢ ᠬᠡᠷᠡᠭ ᠤᠨ ᠰᠦᠪᠡᠭᠴᠢ ᠶᠢ ᠢᠯᠡᠴᠢᠯᠡᠨ ᠮᠡᠳᠡᠭᠦᠯᠬᠦ ᠪᠠ ᠬᠦᠴᠦᠷᠬᠡᠭᠯᠡᠯ ᠰᠦᠷᠳᠡᠭᠦᠯᠦᠯ ᠤᠨ ᠳᠠᠭᠤ ᠳᠦᠷᠰᠦ ᠰᠢᠩᠭᠡᠭᠡᠯᠲᠡ ᠪᠠᠷ ᠢᠯᠡᠴᠢᠯᠡᠨ ᠮᠡᠳᠡᠭᠦᠯᠬᠦ ᠠᠷᠭ᠎ᠠ ᠬᠡᠯᠪᠡᠷᠢ ᠪᠠ ᠠᠷᠭ᠎ᠠ ᠵᠠᠮ ᠢ ᠨᠡᠶᠢᠲᠡᠯᠡᠵᠦ᠂ ᠤᠯᠤᠰ ᠤᠨ ᠠᠮᠤᠷ ᠲᠦᠪᠰᠢᠨ ᠢ ᠰᠠᠬᠢᠨ ᠬᠠᠮᠠᠭᠠᠯᠠᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠂ ᠪᠦᠬᠦ ᠠᠷᠠᠳ ᠢᠶᠠᠷ ᠢᠶᠠᠨ ᠰᠦᠷᠳᠡᠭᠦᠯᠦᠯ ᠢ ᠡᠰᠡᠷᠭᠦᠴᠡᠬᠦ᠂ ᠠᠮᠤᠷ ᠠᠮᠤᠭᠤᠯᠠᠩ ᠢ ᠬᠠᠮᠲᠤ ᠪᠠᠷ ᠴᠣᠭᠴᠠᠯᠠᠬᠤ ᠬᠠᠮᠲᠤ ᠶᠢᠨ ᠲᠠᠨᠢᠯᠲᠠ ᠪᠠ ᠬᠦᠴᠦᠨ ᠴᠢᠳᠠᠯ ᠢ ᠨᠢᠭᠲᠠᠷᠠᠭᠤᠯᠪᠠ᠃  ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠤᠰ ᠲᠥᠷᠥ ᠶᠢᠨ ᠬᠠᠮᠠᠭᠠᠯᠠᠯᠲᠠ ᠶᠢᠨ ᠰᠠᠯᠪᠤᠷᠢ ᠠᠩᠭᠢ ᠶᠢᠨ ᠠᠷᠠᠳ ᠤᠨ ᠴᠠᠭᠳᠠᠭ᠎ᠠ ᠭᠠᠵᠢᠭᠤ ᠨᠣᠮᠯᠠᠯ ᠢ ᠡᠰᠡᠷᠭᠦᠴᠡᠬᠦ᠂ ᠬᠢᠯᠢ ᠶᠢᠨ ᠭᠠᠳᠠᠨᠠᠬᠢ ᠵᠠᠰᠠᠭ ᠤᠨ ᠣᠷᠳᠣᠨ ᠤ ᠪᠤᠰᠤ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠠᠤᠯᠢ᠂ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠵᠡᠷᠭᠡ ᠠᠭᠤᠯᠭ᠎ᠠ ᠶᠢᠨ ᠲᠣᠭᠤᠷᠢᠨ ᠳᠤ ᠦᠵᠡᠭᠦᠯᠦᠯᠭᠡ ᠶᠢᠨ ᠰᠠᠮᠪᠠᠷ᠎ᠠ ᠶᠢ ᠳᠡᠯᠭᠡᠨ ᠦᠵᠡᠭᠦᠯᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠬᠠᠷᠢᠭᠤᠯᠲᠠ ᠥᠭᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠨᠠᠭᠠᠰᠢ ᠴᠠᠭᠠᠰᠢ ᠥᠩᠭᠡᠷᠡᠬᠦ ᠣᠯᠠᠨ ᠲᠦᠮᠡᠨ ᠳᠤ ᠤᠬᠠᠭᠤᠯᠤᠨ ᠲᠠᠶᠢᠯᠪᠤᠷᠢᠯᠠᠪᠠ᠃ ᠲᠤᠰ ᠠᠵᠢᠯᠯᠠᠭ᠎ᠠ ᠳᠤ ᠨᠡᠶᠢᠳᠡ 1000 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠤᠯᠠᠨ ᠲᠦᠮᠡᠨ ᠤ 700 ᠭᠠᠷᠤᠢ ᠬᠥᠮᠦᠨ ᠤᠳᠠᠭ᠎ᠠ ᠶᠢᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ ᠥᠭᠴᠡᠢ᠃
微信图片_202404122110351.jpg  
    ᠦᠬᠠᠶ ᠬᠤᠲᠠ ᠶᠢᠨ ᠬᠤᠷᠢᠭᠤᠯ ᠤᠨ ᠭᠠᠵᠠᠷ ᠤᠨ ᠠᠷᠠᠳ ᠤᠨ ᠴᠠᠭᠳᠠᠭ᠎ᠠ ᠪᠥᠬᠦ ᠬᠢᠨᠠᠨ ᠬᠠᠮᠢᠶᠠᠷᠤᠭᠳᠠᠵᠤ ᠪᠠᠶᠢᠭ᠎ᠠ ᠬᠥᠮᠦᠰ ᠲᠤ ᠶᠠᠭᠤ ᠶᠢ ᠤᠯᠤᠰ ᠤᠨ ᠠᠮᠤᠷ ᠲᠦᠪᠰᠢᠨ ᠭᠡᠬᠦ᠂ ᠠᠯᠢ ᠨᠢ ᠤᠯᠤᠰ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ ᠦᠢᠯᠡ ᠠᠵᠢᠯᠯᠠᠭ᠎ᠠ ᠪᠣᠯᠬᠤ᠂ ︽4.15︾ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠢᠷᠡᠯᠲᠡ ᠪᠠ ᠠᠴᠢ ᠬᠤᠯᠪᠣᠭᠳᠠᠯ ᠵᠡᠷᠭᠡ ᠠᠭᠤᠯᠭ᠎ᠠ ᠶᠢ ᠲᠠᠶᠢᠯᠪᠤᠷᠢᠯᠠᠨ ᠥᠭᠴᠦ᠂ ᠰᠢᠨ᠎ᠡ ᠴᠠᠭ ᠦᠶ᠎ᠡ ᠶᠢᠨ ᠤᠯᠤᠰ ᠤᠨ ᠠᠮᠤᠷ ᠲᠦᠪᠰᠢᠨ ᠢ ᠡᠪᠳᠡᠭᠰᠡᠨ ᠰᠢᠨ᠎ᠡ ᠬᠡᠯᠪᠡᠷᠢ ᠶᠢᠨ ᠶᠠᠯᠠᠲᠤ ᠠᠵᠢᠯᠯᠠᠭ᠎ᠠ ᠶᠢᠨ ᠠᠷᠭ᠎ᠠ ᠪᠠᠷᠢᠯ ᠪᠠ ᠲᠥᠷᠥᠯ ᠵᠦᠢᠯ ᠢ ᠵᠢᠭᠰᠠᠭᠠᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾ ᠶᠢ ᠨᠠᠷᠢᠨ ᠲᠠᠶᠢᠯᠪᠤᠷᠢᠯᠠᠪᠠ᠃ ᠡᠭᠦᠨ ᠠᠴᠠ ᠭᠠᠳᠠᠨ᠎ᠠ᠂ ᠠᠷᠠᠳ ᠤᠨ ᠴᠠᠭᠳᠠᠭ᠎ᠠ ᠪᠠᠰᠠ ᠬᠢᠨᠠᠨ ᠬᠠᠮᠢᠶᠠᠷᠤᠭᠳᠠᠵᠤ ᠪᠠᠶᠢᠭ᠎ᠠ ᠪᠥᠬᠦ ᠬᠥᠮᠦᠰ ᠢ ᠵᠣᠬᠢᠶᠠᠨ ᠪᠠᠶᠢᠭᠤᠯᠵᠤ ᠰᠣᠷᠣᠭᠰᠠᠨ ᠲᠠᠢ ᠪᠠᠨ ᠤᠶᠠᠯᠳᠤᠭᠤᠯᠤᠨ᠂ ᠲᠥᠷᠥᠭᠳᠡᠯ ᠢᠶᠠᠨ ᠬᠤᠪᠢᠶᠠᠯᠴᠠᠵᠤ᠂ ᠣᠯᠤᠯᠲᠠ ᠲᠥᠷᠥᠭᠳᠡᠯ ᠢᠶᠠᠨ ᠪᠢᠴᠢᠭᠦᠯᠦᠨ᠂ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠭᠤᠯᠵᠤ᠂ ᠤᠯᠤᠰ ᠤᠨ ᠠᠮᠤᠷ ᠲᠦᠪᠰᠢᠨ᠂ ᠢᠷᠠᠭᠤ ᠠᠯᠳᠠᠷ ᠪᠠ ᠠᠰᠢᠭ ᠲᠤᠰᠠ ᠶᠢ ᠬᠤᠬᠢᠷᠠᠭᠤᠯᠬᠤ ᠦᠢᠯᠡ ᠠᠵᠢᠯᠯᠠᠭ᠎ᠠ ᠶᠢ ᠪᠢᠲᠡᠭᠡᠶ ᠬᠢᠯᠭᠡᠬᠦ ᠪᠠᠷ ᠣᠯᠠᠨ ᠢ ᠬᠥᠲᠥᠯᠥᠨ ᠵᠢᠯᠣᠭᠤᠳᠪᠠ᠃ 
ᠢᠷᠡᠯᠲᠡ᠄ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ