ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠯᠢᠶᠣᠤ ᠤᠯᠤᠰ ᠤᠨ ᠳᠡᠭᠡᠳᠦ ᠨᠡᠶᠢᠰᠯᠡᠯ · 2024 ᠣᠨ ᠤ ᠪᠠᠭᠠᠷᠢᠨ ᠵᠡᠭᠦᠨ ᠬᠤᠰᠢᠭᠤᠨ ᠤ ᠬᠠᠭᠠᠰ ᠵᠠᠶᠢᠲᠤ ᠮᠠᠷᠠᠰᠤᠨ ᠤ ᠠᠮᠤᠷ ᠢ ᠬᠠᠮᠠᠭᠠᠯᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/6/25
      6 ᠰᠠᠷ᠎ᠠ ᠶᠢᠨ 16 ᠤ ᠡᠳᠦᠷ᠂ ᠯᠢᠶᠣᠤ ᠤᠯᠤᠰ ᠤᠨ ᠳᠡᠭᠡᠳᠦ ᠨᠡᠶᠢᠰᠯᠡᠯ · 2024 ᠣᠨ ᠳᠤ ᠪᠠᠭᠠᠷᠢᠨ ᠵᠡᠭᠦᠨ ᠬᠤᠰᠢᠭᠤᠨ ᠤ ᠬᠠᠭᠠᠰ ᠵᠠᠶᠢᠲᠤ ᠮᠠᠷᠠᠰᠤᠨ ᠫᠤᠤ ᠳᠤᠤᠭᠠᠷᠭᠠᠵᠤ ᠤᠷᠤᠯᠳᠤᠭᠠᠨ ᠡᠬᠢᠯᠡᠪᠡ᠃ ᠲᠣᠰ ᠤᠳᠠᠭᠠᠨ ᠤ ᠤᠷᠤᠯᠳᠤᠭᠠᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠨᠢᠮᠪᠠᠶ ᠪᠠᠶᠢᠷᠢᠯᠠᠭᠤᠯᠵᠤ᠂ 400 ᠭᠠᠷᠤᠶ ᠴᠠᠭᠳᠠᠭᠠᠨ ᠤ ᠬᠦᠴᠦᠨ ᠢ ᠣᠷᠣᠭᠤᠯᠤᠨ᠂ ᠤᠷᠤᠯᠳᠤᠭᠠᠨ ᠤ ᠵᠠᠮ ᠳᠠᠭᠠᠤ ᠳᠤ 168 ᠵᠢᠵᠢᠭᠦᠷᠯᠡᠬᠦ ᠠᠵᠢᠯ ᠤᠨ ᠪᠠᠶᠢᠷᠢ ᠳᠣᠭᠢᠷᠠᠭᠤᠯᠤᠭᠰᠠᠨ ᠪᠥᠭᠡᠳ ᠴᠠᠭᠳᠠᠭᠠᠨ ᠤ ᠲᠡᠷᠭᠡ᠂ ᠴᠠᠭᠳᠠᠭᠠᠨ ᠤ ᠮᠣᠲ᠋ᠣᠷ ᠲᠡᠷᠭᠡ᠂ ᠰᠠᠭᠠᠳ ᠠᠷᠢᠯᠭᠠᠬᠤ ᠲᠡᠷᠭᠡ ᠶᠢ ᠬᠥᠳᠡᠯᠭᠡᠨ ᠵᠠᠮ ᠱᠤᠭᠤᠮ ᠤᠨ ᠵᠢᠯᠣᠭᠤᠳᠣᠯᠭ᠎ᠠ ᠪᠠ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠵᠦ᠂ ᠤᠷᠤᠯᠳᠤᠭᠠᠨ ᠤ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠤᠨ ᠡᠮᠬᠢ ᠳᠢᠭᠯᠢᠮ ᠤᠨ ᠠᠮᠤᠷ ᠲᠦᠪᠰᠢᠨ ᠲᠣᠭᠲᠠᠭᠤᠨ᠂ ᠤᠷᠤᠯᠳᠤᠭᠠᠨ ᠤ ᠵᠠᠮ ᠱᠤᠭᠤᠮ ᠤᠨ ᠰᠠᠭᠠᠳ ᠥᠬᠡᠶ ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠭᠰᠠᠨ ᠪᠠᠶᠢᠨ᠎ᠠ᠃
17.JPG
    ᠨᠠᠷᠢᠨ ᠨᠢᠮᠪᠠᠶ ᠪᠠᠶᠢᠷᠢᠯᠠᠭᠤᠯᠵᠤ᠂ ︽ᠬᠠᠮᠠᠭᠠᠯᠠᠯᠲᠠ ᠶᠢᠨ ᠲᠣᠤᠷ︾ ᠢ ᠨᠢᠭᠲᠠ ᠰᠦᠯᠵᠢᠪᠡ᠃ ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠮᠧᠩ ᠹᠠᠨ ᡂᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠮᠠᠷᠠᠰᠤᠨ ᠤᠷᠤᠯᠳᠤᠭᠠᠨ ᠤ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ︽ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠯᠢᠶᠣᠤ ᠤᠯᠤᠰ ᠤᠨ ᠳᠡᠭᠡᠳᠦ ᠨᠡᠶᠢᠰᠯᠡᠯ · 2024 ᠪᠠᠭᠠᠷᠢᠨ ᠵᠡᠭᠦᠨ ᠬᠤᠰᠢᠭᠤᠨ ᠤ ᠬᠠᠭᠠᠰ ᠵᠠᠶᠢᠲᠤ ᠮᠠᠷᠠᠰᠤᠨ ᠤ ᠠᠮᠤᠷ ᠢ ᠬᠠᠮᠠᠭᠠᠯᠠᠬᠤ ᠠᠵᠢᠯ ᠤᠨ ᠲᠥᠰᠦᠯ︾ ᠢ ᠪᠠᠭᠤᠯᠭᠠᠵᠤ᠂ ᠠᠵᠢᠯ ᠤᠨ ᠬᠠᠷᠠᠯᠲᠠ᠂ ᠠᠵᠢᠯ ᠤᠨ ᠡᠭᠦᠷᠭᠡ᠂ ᠠᠵᠢᠯ ᠤᠨ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ ᠠᠵᠢᠯᠯᠠᠭ᠎ᠠ ᠶᠢᠨ ᠠᠬᠤᠶ ᠲᠠᠯᠠᠪᠠᠶ᠂ ᠤᠷᠤᠯᠳᠤᠭᠠᠨ ᠤ ᠵᠠᠮ ᠱᠤᠭᠤᠮ ᠳᠤ ᠨᠠᠷᠢᠨ ᠨᠢᠮᠪᠠᠶ ᠪᠠᠶᠢᠴᠠᠭᠠᠯᠲᠠ ᠬᠢᠵᠦ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤ ᠨᠢ ᠴᠡᠭᠴᠡᠯᠡᠨ ᠥᠭᠡᠷᠡᠴᠢᠯᠡᠵᠦ᠂ ᠯᠢᠶᠣᠤ ᠤᠯᠤᠰ ᠤᠨ ᠳᠡᠭᠡᠳᠦ ᠨᠡᠶᠢᠰᠯᠡᠯ · 2024 ᠪᠠᠭᠠᠷᠢᠨ ᠵᠡᠭᠦᠨ ᠬᠤᠰᠢᠭᠤᠨ ᠤ ᠬᠠᠭᠠᠰ ᠵᠠᠶᠢᠲᠤ ᠮᠠᠷᠠᠰᠤᠨ ᠤ ᠠᠮᠤᠷ ᠢ ᠬᠠᠮᠠᠭᠠᠯᠠᠬᠤ ᠠᠵᠢᠯ ᠢ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃
12.png
      ᠪᠦᠬᠦ ᠬᠦᠴᠦᠨ ᠢᠶᠠᠷ ᠢᠶᠠᠨ ᠴᠢᠷᠮᠠᠶᠢᠵᠤ ᠪᠠᠶᠢᠭᠠᠳ ︽ᠠᠮᠤᠷ ᠲᠦᠪᠰᠢᠨ ᠤ ᠵᠠᠮ︾ ᠢ ᠴᠣᠭᠴᠠᠯᠠᠪᠠ᠃ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠵᠦᠢᠯ ᠤᠨ ᠠᠮᠤᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠤᠷᠤᠯᠳᠤᠭᠠᠨ ᠤ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠪᠠ᠃ ᠥᠷᠯᠥᠭᠡ ᠶᠢᠨ 6 ᠴᠠᠭ ᠤᠨ ᠦᠶ᠎ᠡ ᠪᠠᠷ᠂ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠲᠡᠮᠦᠷ ᠬᠠᠰᠢᠯᠭ᠎ᠠ᠂ ᠰᠡᠷᠭᠡᠶᠢᠯᠡᠯᠲᠡ ᠶᠢᠨ ᠪᠦᠰᠡ ᠵᠡᠷᠭᠡ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠪᠠᠷ ᠤᠷᠤᠯᠳᠤᠭᠠᠨ ᠤ ᠵᠠᠮ ᠢ ᠪᠢᠲᠡᠭᠦᠮᠵᠢᠯᠡᠨ ᠡᠵᠡᠮᠳᠡᠬᠦ ᠬᠠᠮᠢᠶᠠᠷᠤᠯᠲᠠ ᠶᠢ ᠪᠡᠶᠡᠯᠡᠭᠦᠯᠪᠡ︔ ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠵᠢᠵᠢᠭᠦᠷᠯᠡᠭᠴᠢ ᠠᠮᠤᠷ ᠲᠦᠪᠰᠢᠨ ᠤ ᠪᠠᠶᠢᠴᠠᠭᠠᠯᠲᠠ ᠶᠢ ᠴᠢᠩᠭᠠᠳᠬᠠᠵᠤ᠂ ᠠᠵᠢᠯᠳᠠᠨ ᠢ ᠰᠠᠯᠭᠠᠨ ᠲᠤᠬᠢᠷᠠᠭᠤᠯᠬᠤ ᠶᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠵᠦ᠂ ᠰᠢᠬᠠᠯᠳᠤᠬᠤ ᠪᠠ ᠭᠢᠰᠬᠢᠯᠡᠬᠦ ᠠᠳᠡᠯ ᠭᠠᠷᠬᠤ ᠶᠢ ᠴᠢᠩᠭ᠎ᠠ ᠰᠡᠷᠭᠡᠶᠢᠯᠡᠪᠡ︔ ᠤᠷᠤᠯᠳᠤᠭᠠᠨ ᠤ ᠵᠠᠮ ᠳᠠᠭᠠᠤ ᠳᠤ᠂ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠲᠠᠮᠢᠷᠴᠢᠨ ᠳᠤ ᠬᠠᠯᠠᠭᠤᠨ ᠰᠡᠳᠬᠢᠯᠭᠡ ᠪᠠᠷ ᠬᠦᠴᠦᠨ ᠨᠡᠮᠡᠵᠦ ᠪᠠᠶᠢᠭ᠎ᠠ ᠤᠯᠠᠨ ᠲᠦᠮᠡᠨ ᠳᠤ ᠠᠮᠤᠷ ᠲᠦᠪᠰᠢᠨ ᠤ ᠵᠠᠢ ᠶᠢ ᠪᠠᠲᠤᠯᠠᠵᠤ᠂ ᠪᠣᠯᠪᠠᠰᠤᠨ ᠢᠶᠠᠷ ᠤᠷᠤᠯᠳᠤᠭᠠᠨ ᠢ ᠰᠣᠨᠢᠷᠬᠠᠬᠤ ᠶᠢ ᠴᠠᠭ ᠢᠮᠠᠭᠲᠠ ᠰᠠᠨᠠᠭᠤᠯᠪᠠ︔ 10 ᠴᠠᠭᠳᠠᠭ᠎ᠠ ᠶᠢᠨ ᠬᠦᠴᠦᠨ ᠢ ᠲᠠᠲᠠᠵᠤ ᠭᠦᠶᠦᠯᠲᠡ ᠶᠢ ᠬᠠᠮᠠᠭᠠᠯᠠᠬᠤ ᠴᠠᠭᠳᠠᠭ᠎ᠠ ᠶᠢᠨ ᠪᠦᠯᠬᠦᠮ ᠢ ᠵᠣᠬᠢᠶᠠᠨ ᠪᠠᠶᠢᠭᠤᠯᠵᠤ᠂ ᠤᠷᠤᠯᠳᠤᠭᠠᠨ ᠤ ᠠᠮᠤᠷ ᠲᠦᠪᠰᠢᠨ ᠢ ᠬᠠᠮᠠᠭᠠᠯᠠᠬᠤ ᠪᠡᠯᠡᠳᠬᠡᠯ ᠬᠦᠴᠦᠨ ᠪᠣᠯᠭᠠᠵᠤ᠂ ᠤᠷᠤᠯᠳᠤᠭᠠᠨ ᠳᠤ ᠣᠷᠣᠯᠴᠠᠬᠤ ᠲᠠᠮᠢᠷᠴᠢᠨ ᠪᠠ ᠣᠯᠠᠨ ᠲᠦᠮᠡᠨ ᠳᠤ ᠪᠥᠬᠦ ᠶᠠᠪᠤᠴᠠ ᠳᠤ ᠠᠮᠤᠷ ᠲᠦᠪᠰᠢᠨ ᠤ ᠪᠠᠲᠤᠯᠠᠭ᠎ᠠ ᠬᠠᠩᠭᠠᠪᠠ︔ ᠣᠨᠴᠠᠭᠠᠶ ᠪᠠᠶᠢᠳᠠᠯ ᠠᠴᠠ ᠪᠣᠯᠵᠣ ᠨᠠᠭᠠᠰᠢ ᠴᠠᠭᠠᠰᠢ ᠶᠠᠪᠤᠬᠤ ᠴᠢᠬᠤᠯᠠᠲᠠᠶ ᠬᠤᠲᠠ ᠶᠢᠨ ᠠᠷᠠᠳ ᠲᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠵᠤ᠂ ᠶᠠᠪᠤᠵᠤ ᠰᠠᠭᠤᠬᠤ ᠶᠢᠨ ᠨᠥᠯᠥᠭᠡ ᠶᠢ ᠪᠠᠭᠠᠰᠬᠠᠬᠤ ᠪᠠᠷ ᠪᠠᠷᠠᠬᠤ ᠥᠬᠡᠶ ᠪᠠᠰᠠ ᠤᠷᠤᠯᠳᠤᠭᠠᠨ ᠤ ᠠᠮᠤᠷ ᠲᠦᠪᠰᠢᠨ ᠢᠶᠠᠷ ᠶᠠᠪᠤᠭᠳᠠᠬᠤ ᠶᠢ ᠦᠨᠡᠨ ᠬᠦ ᠪᠠᠲᠤᠯᠠᠪᠠ᠃
13.JPG
      ᠴᠠᠭ ᠢᠮᠠᠭᠲᠠ ᠰᠠᠬᠢᠨ ᠬᠠᠮᠠᠭᠠᠯᠠᠵᠤ᠂ ︽ᠠᠮᠤᠷ ᠲᠦᠪᠰᠢᠨ ᠤ ᠰᠢᠬᠦᠷ︾ ᠢ ᠲᠤᠯᠭᠠᠭᠤᠷᠢᠯᠠᠪᠠ᠃ ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠴᠠᠭ ᠢᠮᠠᠭᠲᠠ ᠰᠦᠯᠵᠢᠶᠡᠨ ᠳᠤ ᠭᠠᠷᠴᠤ᠂ ᠬᠠᠮᠤᠭ ᠲᠡᠷᠢᠭᠦᠨ ᠳᠤ ᠬᠠᠪᠰᠤᠷᠤᠯᠭ᠎ᠠ᠂ ᠤᠷᠤᠯᠳᠤᠭᠠᠨ ᠤ ᠵᠢᠯᠣᠭᠤᠳᠤᠮᠵᠢ ᠪᠠ ᠠᠮᠤᠷ ᠲᠦᠪᠰᠢᠨ ᠤ ᠰᠡᠷᠭᠡᠶᠢᠯᠡᠯᠲᠡ ᠶᠢ ᠬᠠᠩᠭᠠᠵᠤ᠂ ᠬᠠᠮᠤᠭ ᠲᠡᠷᠢᠭᠦᠨ ᠳᠤ ᠲᠤᠬᠠᠶ ᠶᠢᠨ ᠲᠠᠯᠠᠪᠤᠷ ᠤᠨ ᠭᠡᠨᠡᠳᠲᠡ ᠶᠢᠨ ᠪᠠᠶᠢᠳᠠᠯ ᠢ ᠠᠮᠢᠳᠤᠯᠢᠭ ᠢᠶᠠᠷ ᠰᠢᠢᠳᠪᠦᠷᠢᠯᠡᠵᠦ᠂ ᠤᠷᠤᠯᠳᠤᠭᠠᠨ ᠤ ᠶᠠᠪᠤᠳᠠᠯ ᠢ ᠪᠠᠲᠤᠯᠠᠬᠤ ᠳᠤ ᠪᠥᠬᠦ ᠬᠦᠴᠦᠨ ᠢᠶᠠᠷ ᠢᠶᠠᠨ ᠦᠢᠯᠡᠴᠢᠯᠡᠨ᠂ ᠤᠷᠤᠯᠳᠤᠭᠠᠨ ᠤ ᠶᠠᠪᠤᠳᠠᠯ ᠢ ᠨᠠᠩ ᠬᠠᠯᠠᠭᠤᠨ ᠳᠤᠯᠠᠭᠠᠨ ᠪᠣᠯᠭᠠᠵᠤ᠂ ᠬᠠᠮᠤᠭ ᠤᠨ ᠰᠠᠶᠢᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠤᠷᠤᠯᠳᠤᠭᠠᠨ ᠳᠤ ᠣᠷᠣᠯᠴᠠᠭᠰᠠᠨ ᠲᠠᠮᠢᠷᠴᠢᠳ ᠢ ᠬᠠᠮᠠᠭᠠᠯᠠᠵᠤ᠂ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠠᠵᠢᠯ ᠤᠨ ᠬᠡᠪ ᠰᠤᠷᠲᠠᠯ ᠢ ᠭᠦᠢᠴᠡᠳ ᠢᠯᠡᠷᠡᠭᠦᠯᠵᠦ᠂ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ