ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠡᠭᠦᠳᠡᠯ ᠤᠨ ᠰᠢᠪᠠᠭᠤᠳ ᠤᠨ ︽ᠠᠮᠤᠭᠤᠯᠠᠩᠲᠤ ᠥᠷᠲᠡᠭᠡ︾ ᠶᠢ ᠪᠥᠬᠦ ᠬᠦᠴᠦᠨ ᠢᠶᠠᠷ ᠢᠶᠠᠨ ᠴᠤᠭᠴᠠᠯᠠᠪᠠ
ᠨᠡᠶᠢᠲᠡᠯᠡᠭᠰᠡᠨ ᠴᠠᠭ᠄
2024/6/25
    ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠠᠮᠢ ᠠᠬᠤᠶ ᠶᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠳᠤ ᠲᠦᠰᠢᠭᠯᠡᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ︾ ᠨᠠᠮ ᠤᠨ ᠪᠠᠶᠢᠭᠤᠯᠤᠯᠲᠠ ᠶᠢᠨ ᠨᠠᠷᠠᠲᠤ ᠲᠡᠮᠳᠡᠭ ᠲᠤ ᠲᠦᠰᠢᠭᠯᠡᠨ ︽ᠠᠮᠢ ᠠᠬᠤᠶ ᠣᠷᠴᠢᠨ ᠲᠤᠭᠤᠷᠢᠨ ᠤ ᠴᠠᠭᠳᠠᠭᠠᠨ ᠤ ᠶᠠᠪᠤᠳᠠᠯ ᠤᠨ ᠵᠠᠭᠪᠤᠷ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠴᠤᠭᠴᠠᠯᠠᠨ᠂ ᠨᠡᠭᠦᠳᠡᠯ ᠤᠨ ᠰᠢᠪᠠᠭᠤᠳ ᠲᠤ ︽ᠠᠮᠤᠭᠤᠯᠠᠩᠲᠤ ᠥᠷᠳᠡᠭᠡ︾ ᠶᠢ ᠪᠣᠶ ᠪᠣᠯᠭᠠᠵᠤ ᠥᠭᠪᠡ᠃
0f62b69a8c0834cba44be0361865266.jpg  
    ᠡᠷᠴᠢᠮ ᠢᠶᠠᠨ ᠴᠢᠩᠭᠠᠷᠠᠭᠤᠯᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠨᠡᠭᠦᠳᠡᠯ ᠤᠨ ᠰᠢᠪᠠᠭᠤ ᠶᠢᠨ ᠨᠡᠭᠦᠳᠡᠯᠯᠡᠬᠦ ᠬᠤᠭᠤᠴᠠᠭᠠᠨ ᠳᠤ ︽ᠶᠠᠪᠠᠭᠠᠨ ᠲᠣᠭᠤᠷᠢᠨ ᠴᠠᠭᠳᠠᠬᠤ︾ ᠠᠷᠭ᠎ᠠ ᠮᠠᠶ᠋ᠢᠭ ᠢ ᠠᠪᠴᠤ᠂ ᠠᠷᠠᠳ ᠤᠨ ᠴᠠᠭᠳᠠᠭ᠎ᠠ ᠭᠤᠤᠯᠳᠠᠯᠭ᠎ᠠ ᠲᠠᠢ ᠤᠰᠤᠨ ᠣᠷᠣᠨ᠂ ᠨᠤᠭᠤ ᠭᠠᠵᠠᠷ ᠵᠡᠷᠭᠡ ᠨᠡᠭᠦᠳᠡᠯ ᠤᠨ ᠰᠢᠪᠠᠭᠤ ᠶᠢᠨ ᠣᠷᠣᠰᠢᠨ ᠠᠮᠢᠳᠤᠷᠠᠬᠤ ᠭᠠᠵᠠᠷ ᠪᠠ ᠨᠡᠭᠦᠳᠡᠯ ᠤᠨ ᠵᠠᠮ᠂ ᠴᠤᠭᠯᠠᠷᠠᠬᠤ ᠣᠷᠣᠨ ᠪᠦᠰᠡ ᠳᠤ ᠲᠣᠭᠤᠷᠢᠨ ᠬᠠᠮᠠᠭᠠᠯᠠᠯᠲᠠ ᠬᠢᠵᠦ᠂ ᠰᠠᠬᠢᠨ ᠬᠠᠮᠠᠭᠠᠯᠠᠬᠤ ᠪᠠᠶᠢᠩᠭᠤᠵᠢᠯᠲᠠ ᠶᠢ ᠪᠣᠶ ᠪᠣᠯᠭᠠᠪᠠ᠃ ᠡᠭᠦᠨ ᠤ ᠬᠠᠮᠲᠤ ᠬᠠᠷᠢᠶᠠᠲᠤ ᠣᠷᠣᠨ ᠤ ᠭᠤᠤᠯ ᠤᠨ ᠰᠠᠶᠢᠷᠭᠠᠯ᠂ ᠨᠠᠭᠤᠷ ᠴᠥᠭᠦᠷᠥᠮ ᠵᠡᠷᠭᠡ ᠳᠤ ᠭᠦᠨᠵᠡᠭᠡᠶᠢᠷᠡᠨ ᠢᠳᠡᠭ ᠢᠳᠡᠭ ᠢᠶᠠᠷ ᠶᠡᠭᠡ ᠬᠡᠮᠵᠢᠶᠡᠨ ᠤ ᠨᠡᠭᠦᠳᠡᠯ ᠤᠨ ᠰᠢᠪᠠᠭᠤ ᠶᠢᠨ ᠡᠷᠬᠡᠪᠰᠢ ᠥᠩᠭᠡᠷᠡᠬᠦ ᠭᠠᠵᠠᠷ ᠪᠣᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤ  ᠨᠢ ᠪᠠᠶᠢᠴᠠᠭᠠᠨ ᠣᠶᠢᠯᠠᠭᠠᠵᠤ᠂ ᠨᠡᠭᠦᠳᠡᠯ ᠤᠨ ᠰᠢᠪᠠᠭᠤ ᠶᠢᠨ ᠨᠡᠭᠦᠳᠡᠯ ᠤᠨ ᠪᠠᠶᠢᠳᠠᠯ ᠢ ᠴᠠᠭ ᠲᠤᠬᠠᠶ ᠳᠤ ᠨᠢ ᠡᠵᠡᠮᠰᠢᠨ᠂ ᠭᠤᠤᠯᠳᠠᠯᠭ᠎ᠠ ᠲᠠᠢ ᠣᠷᠣᠨ ᠪᠦᠰᠡ ᠶᠢ ᠲᠣᠭᠲᠠᠭᠠᠵᠤ᠂ ᠬᠤᠤᠷᠲᠤ ᠡᠳ᠋ ᠬᠠᠶᠠᠬᠤ᠂ ᠲᠣᠤᠷ ᠢᠶᠠᠷ ᠪᠠᠷᠢᠬᠤ᠂ ᠫᠤᠤᠳᠠᠬᠤ᠂ ᠠᠩᠨᠠᠬᠤ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠭᠤᠤᠯᠳᠠᠯᠭ᠎ᠠ ᠲᠠᠢ ᠴᠣᠬᠢᠯᠲᠠ ᠥᠭᠴᠦ᠂ ᠨᠡᠭᠦᠳᠡᠯ ᠤᠨ ᠰᠢᠪᠠᠭᠤ ᠵᠡᠷᠭᠡ ᠬᠡᠭᠡᠷ᠎ᠡ ᠶᠢᠨ ᠠᠮᠢᠲᠠᠨ ᠤ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ ᠳᠠᠯᠳᠠ ᠬᠡᠮ ᠢ ᠡᠬᠢ ᠡᠭᠦᠰᠦᠯ ᠠᠴᠠ ᠨᠢ ᠠᠷᠢᠯᠭᠠᠪᠠ᠃
95e6c4be29279b6211bd7365d067d26.jpg  
    ᠤᠬᠠᠭᠤᠯᠭ᠎ᠠ ᠶᠢ ᠴᠢᠩᠭᠠᠳᠬᠠᠵᠤ᠂ ᠤᠯᠠᠨ ᠲᠦᠮᠡᠨ ᠤ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠪᠡ᠃ ᠠᠷᠠᠳ ᠤᠨ ᠴᠠᠭᠳᠠᠭ᠎ᠠ ᠬᠠᠷᠢᠶᠠᠲᠤ ᠣᠷᠣᠨ ᠤ ᠢᠳᠡᠭᠡᠨ ᠤᠮᠳᠠᠭᠠᠨ ᠤ ᠦᠢᠯᠡᠰ᠂ ᠵᠣᠴᠢᠳ ᠤᠨ ᠪᠠᠭᠤᠳᠠᠯ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠳᠤ ᠲᠤᠰᠬᠠᠶ ᠪᠠᠶᠢᠴᠠᠭᠠᠯᠲᠠ ᠬᠢᠵᠦ᠂ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠩᠨᠠᠬᠤ᠂ ᠬᠤᠳᠠᠯᠳᠤᠬᠤ᠂ ᠢᠳᠡᠬᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠴᠢᠩᠭ᠎ᠠ ᠪᠠᠶᠢᠴᠠᠭᠠᠵᠤ ᠴᠢᠩᠭ᠎ᠠ ᠴᠣᠬᠢᠯᠲᠠ ᠥᠭᠬᠦ ᠥᠨᠳᠥᠷ ᠳᠠᠷᠤᠯᠲᠠᠲᠤ ᠪᠠᠶᠢᠳᠠᠯ ᠢ ᠦᠷᠭᠦᠯᠵᠢᠯᠡᠨ ᠪᠠᠲᠤᠯᠠᠪᠠ᠃ ᠡᠭᠦᠨ ᠤ ᠬᠠᠮᠲᠤ ᠬᠠᠷᠢᠶᠠᠲᠤ ᠣᠷᠣᠨ ᠤ ᠭᠤᠤᠯᠳᠠᠯᠭ᠎ᠠ ᠲᠠᠢ ᠬᠤᠳᠠᠯᠳᠤᠭᠠᠴᠢᠨ ᠡᠷᠦᠬᠡ ᠵᠢᠴᠢ ᠨᠡᠭᠦᠳᠡᠯ ᠤᠨ ᠰᠢᠪᠠᠭᠤ ᠶᠢᠨ ᠨᠡᠭᠦᠳᠡᠯ ᠤᠨ ᠭᠠᠵᠠᠷ ᠤᠨ ᠣᠶᠢᠷ᠎ᠠ ᠬᠠᠪᠢ ᠶᠢᠨ ᠰᠠᠭᠤᠭᠠᠯᠢ ᠠᠷᠠᠳ ᠤᠨ ᠲᠣᠭᠤᠷᠢᠭ ᠲᠤ ᠭᠦᠨᠵᠡᠭᠡᠶᠢᠷᠡᠨ᠂ ᠨᠡᠭᠦᠳᠡᠯ ᠤᠨ ᠰᠢᠪᠠᠭᠤ ᠶᠢ ᠬᠠᠮᠠᠭᠠᠯᠠᠬᠤ ᠲᠤᠰᠬᠠᠶ ᠰᠡᠳᠦᠪᠲᠦ ᠤᠬᠠᠭᠤᠯᠭ᠎ᠠ ᠶᠢ ᠥᠷᠨᠢᠭᠦᠯᠵᠦ᠂ ᠣᠯᠠᠨ ᠲᠦᠮᠡᠨ ᠳᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠦᠨ᠂ ᠣᠯᠠᠨ ᠲᠦᠮᠡᠨ ᠤ ᠬᠠᠮᠠᠭᠠᠯᠠᠬᠤ ᠤᠬᠠᠮᠰᠠᠷ ᠪᠠ ᠬᠠᠤᠯᠢ ᠴᠠᠭᠠᠵᠠ ᠶᠢᠨ ᠦᠵᠡᠯᠲᠡ ᠶᠢ ᠴᠢᠩᠭᠠᠳᠬᠠᠵᠤ᠂ ᠨᠡᠶᠢᠭᠡᠮ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ ᠨᠡᠭᠦᠳᠡᠯ ᠤᠨ ᠰᠢᠪᠠᠭᠤ ᠶᠢ ᠬᠠᠮᠲᠤ ᠪᠠᠷ ᠰᠠᠬᠢᠨ ᠬᠠᠮᠠᠭᠠᠯᠠᠬᠤ ᠶᠢ ᠠᠬᠢᠭᠤᠯᠪᠠ᠃   
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ