ᠤᠯᠭᠠᠶ ᠬᠠᠮᠢᠶᠠᠷᠤᠯᠲᠠ ᠶᠢᠨ ᠣᠷᠣᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠮ ᠳᠤ ᠣᠷᠣᠬᠤ ᠵᠡᠷᠯᠢᠭ ᠤᠷᠭᠤᠮᠠᠯ ᠢ ᠬᠤᠯᠠᠭᠠᠶᠢᠯᠠᠨ ᠮᠠᠯᠲᠠᠭᠰᠠᠨ ᠬᠡᠷᠡᠭ ᠢ ᠢᠯᠡᠷᠡᠭᠦᠯᠪᠡ
ᠨᠡᠶᠢᠲᠡᠯᠡᠭᠰᠡᠨ ᠴᠠᠭ᠄
2024/6/26
      ᠣᠶᠢᠷ᠎ᠠ ᠳᠤ᠂ ᠰᠢᠯᠢ ᠶᠢᠨ ᠭᠤᠤᠯ ᠠᠶᠢᠮᠠᠭ ᠤᠨ ᠤᠯᠠᠭᠠᠶ ᠬᠠᠮᠢᠶᠠᠷᠤᠯᠲᠠ ᠶᠢᠨ ᠣᠷᠣᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠢ ᠣᠷᠴᠢᠨ ᠲᠣᠭᠤᠷᠢᠨ ᠢᠳᠡᠭᠡᠨ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠬᠠᠷᠢᠶᠠᠲᠤ ᠣᠷᠣᠨ ᠤ ᠬᠠᠯᠠᠭᠠᠶᠢᠲᠤ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠡᠪᠴᠢᠶᠡᠨ ᠳᠤ ᠡᠮ ᠳᠤ ᠣᠷᠣᠬᠤ ᠵᠡᠷᠯᠢᠭ ᠤᠷᠭᠤᠮᠠᠯ ᠢ ᠬᠤᠯᠠᠭᠠᠶᠢᠯᠠᠨ ᠮᠠᠯᠲᠠᠭᠰᠠᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠣᠯᠪᠠ᠃ ᠢᠯᠡᠴᠢᠯᠡᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ ᠠᠮᠢ ᠠᠬᠤᠢ ᠣᠷᠴᠢᠨ ᠲᠣᠭᠤᠷᠢᠨ ᠢᠳᠡᠭᠡᠨ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠭᠤᠤᠯᠳᠠᠯᠭ᠎ᠠ ᠲᠠᠢ ᠣᠷᠣᠨ ᠪᠦᠰᠡ ᠶᠢ ᠲᠣᠭᠤᠷᠢᠨ ᠪᠠᠶᠢᠴᠠᠭᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠤᠨ ᠳᠡᠭᠡᠷ᠎ᠡ ᠬᠥᠮᠦᠨ ᠤ ᠬᠦᠴᠦᠨ ᠤ ᠡᠬᠢ ᠪᠠᠶᠠᠯᠢᠭ ᠢ ᠵᠡᠷᠭᠡ ᠪᠠᠷ ᠬᠡᠷᠡᠭᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠴᠠᠭᠳᠠᠭᠠᠨ ᠤ ᠬᠦᠴᠦᠨ ᠢ ᠦᠳᠲᠡᠷ ᠲᠦᠷᠭᠡᠨ ᠢᠶᠠᠷ ᠪᠠᠶᠢᠷᠢᠯᠠᠭᠤᠯᠤᠨ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠪᠡ᠃ ᠴᠠᠭᠳᠠᠭᠠᠨ ᠤ ᠶᠠᠪᠤᠳᠠᠯ ᠤᠨ ᠲᠤᠰᠠᠯᠠᠬᠤ ᠶᠡᠭᠡ ᠠᠩᠭᠢ᠂ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠵᠡᠷᠭᠡ ᠰᠠᠯᠠᠭ᠎ᠠ ᠮᠥᠴᠢᠷ ᠤᠨ ᠬᠠᠮᠲᠤ ᠶᠢᠨ ᠬᠦᠴᠦᠨ ᠤ ᠬᠠᠮᠵᠢᠯᠴᠠᠭ᠎ᠠ ᠪᠠᠷ᠂ ᠴᠠᠭᠳᠠᠨ ᠪᠠᠶᠢᠴᠠᠭᠠᠬᠤ ᠣᠨᠴᠠ ᠲᠥᠷᠥᠯ ᠤᠨ ᠴᠠᠭᠳᠠᠭ᠎ᠠ᠂ ᠠᠮᠤᠷ ᠢ ᠬᠠᠮᠠᠭᠠᠯᠠᠬᠤ᠂ ᠲᠣᠮᠢᠯᠠᠭᠰᠠᠨ ᠰᠠᠯᠪᠤᠷᠢ ᠵᠡᠷᠭᠡ ᠤᠯᠠᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠲᠣᠣᠷ ᠢ ᠬᠤᠷᠢᠶᠠᠬᠤ ᠠᠵᠢᠯ ᠢ ᠬᠠᠮᠵᠢᠯᠴᠠᠨ ᠥᠷᠨᠢᠭᠦᠯᠵᠦ᠂ ᠡᠮ ᠳᠤ ᠣᠷᠣᠬᠤ ᠵᠡᠷᠯᠢᠭ ᠤᠷᠭᠤᠮᠠᠯ ᠢ ᠬᠤᠯᠠᠭᠠᠶᠢᠯᠠᠨ ᠮᠠᠯᠲᠠᠭᠰᠠᠨ ᠨᠢᠭᠡᠨ ᠡᠪᠰᠡᠯ ᠪᠦᠯᠦᠭ ᠢ ᠠᠮᠵᠢᠯᠲᠠ ᠲᠠᠢ ᠪᠠᠷ ᠰᠦᠢᠷᠡᠭᠦᠯᠵᠦ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠬᠢᠭᠰᠡᠨ 19 ᠬᠥᠮᠦᠨ ᠢ ᠪᠠᠷᠢᠪᠴᠢᠯᠠᠵᠤ᠂ ᠲᠤᠬᠠᠶ ᠶᠢᠨ ᠲᠠᠯᠠᠪᠤᠷ ᠲᠤ ᠵᠡᠷᠯᠢᠭ ᠡᠮ ᠤᠨ ᠮᠠᠲ᠋ᠧᠷᠢᠶᠠᠯ ᠢ 400 ᠭᠠᠷᠤᠶ ᠵᠢᠩ᠂ ᠬᠡᠭᠡᠷᠡᠯᠡᠬᠦ ᠮᠠᠰᠢᠨ ᠲᠡᠷᠭᠡ ᠶᠢ 2 ᠵᠢᠴᠢ ᠲᠣᠯᠣᠭᠠᠶ ᠶᠢᠨ ᠳ᠋ᠧᠩ᠂ ᠡᠮ ᠤᠨ ᠮᠠᠲ᠋ᠧᠷᠢᠶᠠᠯ ᠢ ᠬᠤᠯᠠᠭᠤᠨ ᠮᠠᠯᠲᠠᠬᠤ ᠴᠠᠷᠢᠯ ᠵᠡᠷᠭᠡ ᠬᠡᠷᠡᠭ ᠦᠢᠯᠡᠳᠬᠦ ᠪᠠᠭᠠᠵᠢ ᠶᠢ ᠪᠠᠶᠢᠴᠠᠭᠠᠨ ᠬᠤᠷᠢᠶᠠᠪᠠ᠃      ᠣᠳᠣᠬᠠᠨ ᠳᠤ ᠵᠣᠬᠢᠶᠠᠨ ᠪᠠᠶᠢᠭᠤᠯᠤᠭᠴᠢ᠂ ᠬᠤᠳᠠᠯᠳᠤᠨ ᠠᠪᠤᠭᠴᠢ ᠪᠠ ᠬᠤᠯᠠᠭᠠᠶᠢᠯᠠᠨ ᠮᠠᠯᠲᠠᠭᠰᠠᠨ ᠪᠤᠰᠤᠳ ᠬᠥᠮᠦᠰ ᠢ ᠵᠠᠰᠠᠭ ᠵᠠᠬᠢᠷᠭᠠᠨ ᠢᠶᠠᠷ ᠲᠦᠷ ᠬᠤᠷᠢᠬᠤ ᠶᠢᠨ ᠬᠠᠮᠲᠤ ᠬᠠᠤᠯᠢ ᠶᠢ ᠵᠥᠷᠢᠴᠡᠵᠦ ᠣᠯᠤᠭᠰᠠᠨ ᠪᠦᠬᠦ ᠣᠯᠵᠠ ᠠᠰᠢᠭ ᠢ ᠨᠢ ᠬᠤᠷᠢᠶᠠᠨ ᠠᠪᠬᠤ ᠵᠠᠰᠠᠭ ᠵᠠᠬᠢᠷᠭᠠᠨ ᠤ ᠰᠢᠢᠳᠭᠡᠯ ᠥᠭᠪᠡ᠃ 
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ