ᠤᠯᠠᠭᠠᠶ ᠬᠠᠮᠢᠶᠠᠷᠤᠯᠲᠠ ᠶᠢᠨ ᠣᠷᠣᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠬᠤᠣᠷ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/6/26
    ᠣᠶᠢᠷ᠎ᠠ ᠳᠤ᠂ ᠰᠢᠯᠢ ᠶᠢᠨ ᠭᠤᠤᠯ ᠠᠶᠢᠮᠠᠭ ᠤᠨ ᠤᠯᠠᠭᠠᠶ ᠬᠠᠮᠢᠶᠠᠷᠤᠯᠲᠠ ᠶᠢᠨ ᠣᠷᠣᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠷᠪᠠᠨ ᠳᠥᠷᠪᠡᠳᠦᠭᠡᠷ ᠪᠥᠬᠦ ᠠᠷᠠᠳ ᠤᠨ ᠬᠤᠣᠷ ᠴᠠᠭᠠᠵᠠᠯᠠᠬᠤ ᠤᠬᠠᠭᠤᠯᠭ᠎ᠠ ᠶᠢᠨ ᠰᠠᠷ᠎ᠠ ᠳᠤ ︽ᠵᠠᠯᠠᠭᠤᠴᠤᠳ ᠪᠠᠭᠠᠴᠤᠳ ᠤᠨ ᠡᠮ ᠤᠨ ᠵᠦᠢᠯ ᠢ ᠳᠤᠷ᠎ᠠ ᠪᠠᠷ ᠢᠶᠠᠨ ᠬᠡᠷᠡᠭᠯᠡᠬᠦ ᠶᠢ ᠰᠡᠷᠭᠡᠶᠢᠯᠡᠬᠦ︾ ᠰᠤᠷᠭᠠᠭᠤᠯᠢ ᠶᠢᠨ ᠬᠦᠷᠢᠶᠡᠨ ᠳᠤ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠪᠡ᠃
禁毒宣传月.jpg
禁毒宣传月3.png
    ᠠᠵᠢᠯᠯᠠᠭ᠎ᠠ ᠶᠢᠨ ᠬᠤᠭᠤᠴᠠᠭᠠᠨ ᠳᠤ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠰᠤᠷᠤᠭᠴᠢᠳ ᠲᠤ PPT᠂ ᠵᠠᠭᠪᠤᠷ ᠤᠨ ᠦᠵᠡᠭᠦᠯᠦᠯᠭᠡ᠂ ᠣᠬᠤᠷ ᠸᠢᠳᠢᠣ᠋ ᠨᠡᠪᠲᠡᠷᠡᠭᠦᠯᠬᠦ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠡᠯ᠎ᠡ ᠵᠦᠢᠯ ᠤᠨ ᠬᠤᠤᠷᠲᠤ ᠡᠳ᠋ ᠤᠨ ᠨᠡᠷᠡᠶᠢᠳᠦᠯ᠂ ᠣᠨᠴᠠᠯᠢᠭ ᠰᠢᠨᠵᠢ ᠵᠢᠴᠢ ᠮᠢᠨᠴᠦᠭᠦᠷᠡᠭᠦᠯᠬᠦ᠂ ᠤᠶᠤᠨ ᠮᠡᠳᠡᠷᠡᠯ ᠤᠨ ᠡᠮ ᠢ ᠳᠤᠷ᠎ᠠ ᠪᠠᠷ ᠢᠶᠠᠨ ᠬᠡᠷᠡᠭᠯᠡᠬᠦ ᠶᠢᠨ ᠬᠤᠤᠷ ᠬᠥᠨᠥᠭᠡᠯ ᠵᠡᠷᠭᠡ ᠬᠠᠮᠢᠶ᠎ᠠ ᠪᠥᠬᠦᠶ ᠮᠡᠳᠡᠯᠭᠡ ᠶᠢ ᠲᠠᠶᠢᠯᠪᠤᠷᠢᠯᠠᠨ ᠥᠭᠴᠦ᠂ ᠰᠤᠷᠤᠭᠴᠢᠳ ᠤᠨ ᠬᠤᠤᠷᠲᠤ ᠡᠳ᠋ ᠤᠨ ᠲᠤᠬᠠᠶ ᠲᠠᠨᠢᠯᠲᠠ ᠶᠢ ᠭᠦᠨᠵᠡᠭᠡᠶᠢᠷᠡᠭᠦᠯᠵᠦ᠂ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠣᠯᠵᠣ᠂ ᠨᠠᠶᠢᠵᠠᠯᠠᠬᠤ ᠳᠤ ᠪᠠᠨ ᠪᠣᠯᠭᠤᠮᠵᠢᠲᠠᠶ ᠪᠠᠶᠢᠵᠤ᠂ ᠬᠤᠤᠷ ᠲᠠᠲᠠᠬᠤ ᠥᠬᠡᠶ᠂ ᠬᠤᠤᠷ ᠲᠠᠢ ᠬᠠᠯᠳᠠᠬᠤ ᠥᠬᠡᠶ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠬᠤ ᠬᠡᠷᠡᠭᠲᠡᠶ ᠭᠡᠵᠦ ᠰᠤᠷᠤᠭᠴᠢᠳ ᠲᠤ ᠰᠠᠨᠠᠭᠤᠯᠪᠠ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ