ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠵᠥᠪᠯᠡᠯ 2024 ᠣᠨ ᠤ ᠠᠩᠬᠠᠳᠤᠭᠠᠷ ᠪᠦᠬᠦᠳᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/27
      ᠪᠥᠬᠦ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠵᠥᠪᠯᠡᠯ 2024 ᠣᠨ ᠤ ᠪᠥᠬᠦᠳᠡ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠠᠮ ᠬᠠᠷᠢᠯᠴᠠᠭᠠᠨ ᠤ ᠵᠥᠪᠯᠡᠯ ᠤᠨ ᠡᠷᠬᠢᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠵᠥᠪᠯᠡᠯ ᠤᠨ ᠳᠡᠳ᠋ ᠡᠷᠬᠢᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠡᠳ᠋ ᠳᠠᠷᠤᠭ᠎ᠠ ᠸᠠᠩ ᠶᠠ ᠰᠢᠨ ᠬᠤᠷᠠᠯ ᠢ ᠡᠷᠭᠢᠯᠡᠪᠡ᠃ ᠬᠤᠷᠠᠯ ᠨᠢ ᠸᠢᠳᠢᠣ᠋ ᠶᠢᠨ ᠬᠡᠯᠪᠡᠷᠢ ᠪᠠᠷ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠵᠥᠪᠯᠡᠯ ᠤᠨ ᠡᠯ᠎ᠡ ᠪᠦᠷᠢᠯᠳᠦᠬᠦᠨ ᠨᠢᠭᠡᠴᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ 12 ᠠᠶᠢᠮᠠᠭ ᠬᠤᠲᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃
1.jpg
      ᠬᠤᠷᠠᠯ ᠤᠨ ᠭᠤᠣᠯ ᠡᠭᠦᠷᠭᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠪᠣᠯᠤᠨ 6 ᠰᠠᠷ᠎ᠠ ᠶᠢᠨ 13 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠰᠤᠳᠤᠯᠤᠨ ᠪᠠᠶᠢᠷᠢᠯᠠᠭᠤᠯᠤᠨ᠎ᠠ᠃
2.jpg
      ᠬᠤᠷᠠᠯ ᠠᠴᠠ 2023 ᠣᠨ ᠠᠴᠠ ᠨᠠᠭᠠᠰᠢᠬᠢ ᠪᠦᠬᠦ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ  ᠤᠨ ᠣᠯᠤᠭᠰᠠᠨ  ᠠᠬᠢᠴᠠ ᠶᠢ ᠮᠡᠳᠡᠭᠳᠡᠵᠦ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠳᠣᠷᠬᠠᠶᠢᠯᠠᠪᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠪᠣᠯᠤᠨ ᠣᠷᠳᠣᠰ ᠬᠤᠲᠠ ᠶᠢᠨ ᠵᠠᠮ ᠬᠠᠷᠢᠯᠴᠠᠭᠠᠨ ᠤ ᠵᠥᠪᠯᠡᠯ ᠲᠣᠰ ᠲᠣᠰ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠲᠤᠬᠠᠶ ᠰᠣᠯᠢᠯᠴᠠᠭᠠᠨ ᠤ ᠶᠠᠷᠢᠶ᠎ᠠ ᠲᠠᠯᠪᠢᠪᠠ᠃
4.jpg
      ᠬᠤᠷᠠᠯ ᠠᠴᠠ᠂ ᠵᠠᠮ ᠬᠠᠷᠢᠯᠴᠠᠭᠠᠨ ᠤ ᠠᠮᠤᠷ ᠲᠦᠪᠰᠢᠨ ᠪᠣᠯ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠤ ᠴᠢᠬᠤᠯᠠ ᠪᠦᠷᠢᠯᠳᠦᠬᠦᠨ ᠬᠡᠰᠡᠭ ᠮᠥᠨ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠠᠬᠢᠭᠤᠯᠬᠤ᠂ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠶᠢᠨ ᠴᠢᠬᠤᠯᠠ ᠰᠠᠭᠤᠷᠢ ᠴᠢᠯᠠᠭᠤ ᠪᠣᠯᠬᠤ ᠲᠤᠯᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠬᠢᠭᠡᠳ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠩ ᠡᠷᠡᠰ ᠴᠢᠩᠭ᠎ᠠ ᠣᠪᠣᠷ ᠪᠣᠯᠤᠨ ᠨᠡᠩ ᠶᠡᠭᠡ ᠣᠷᠣᠭᠤᠯᠤᠯᠲᠠ ᠪᠠᠷ ᠵᠠᠮ ᠬᠠᠷᠢᠯᠴᠠᠭᠠᠨ ᠤ ᠠᠮᠤᠷ ᠲᠦᠪᠰᠢᠨ ᠤ ᠲᠠᠯᠳᠠ ᠭᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠴᠢᠳᠠᠪᠤᠷᠢ ᠪᠣᠯᠤᠨ ᠬᠢᠷᠢ ᠬᠡᠮᠵᠢᠶ᠎ᠡ ᠪᠠᠨ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠬᠡᠵᠦ ᠵᠢᠭᠠᠵᠤ ᠭᠠᠷᠭᠠᠪᠠ᠃
3.jpg
      ᠬᠤᠷᠠᠯ ᠠᠴᠠ᠂ ︽ᠲᠣᠭᠲᠠᠭᠤᠨ ᠤ ᠳᠤᠮᠳᠠ ᠤᠷᠤᠭᠰᠢᠯᠠᠬᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ︾ ᠪᠠᠷ ᠶᠡᠷᠦᠩᠬᠡᠢ ᠵᠠᠷᠴᠢᠮ ᠪᠣᠯᠭᠠᠵᠤ᠂ ᠬᠠᠷᠠᠯᠲᠠ᠂ ᠠᠰᠠᠭᠤᠳᠠᠯ᠂ ᠦᠷ᠎ᠡ ᠳ᠋ᠦᠩ ᠤᠨ ︽ᠭᠤᠷᠪᠠᠨ ᠶᠡᠭᠡ ᠤᠳᠤᠷᠢᠳᠤᠮᠵᠢ︾ ᠶᠢ ᠪᠠᠷᠢᠮᠲᠠᠯᠠᠵᠤ᠂ ︽ᠬᠡᠮᠵᠢᠶ᠎ᠡ ᠶᠢ ᠪᠠᠭᠠᠰᠬᠠᠵᠤ ᠶᠡᠭᠡ ᠶᠢ ᠡᠵᠡᠮᠳᠡᠬᠦ︾᠂ ᠭᠡᠮ ᠠᠷᠬᠠᠭ ᠢ ᠴᠡᠭᠴᠡᠯᠡᠨ ᠵᠠᠰᠠᠬᠤ᠂ ᠠᠮᠤᠷ ᠲᠦᠪᠰᠢᠨ ᠤ ᠤᠬᠠᠭᠤᠯᠭ᠎ᠠ ᠶᠢᠨ ︽ᠭᠤᠷᠪᠠᠨ ᠶᠡᠭᠡ ᠭᠠᠷᠳᠠᠴᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ᠂ ᠬᠤᠳᠠ᠂ ᠳᠡᠭᠡᠳᠦ ᠬᠤᠷᠳᠤ ᠶᠢᠨ ᠵᠠᠮ ᠤᠨ ︽ᠭᠤᠷᠪᠠᠨ ᠶᠡᠭᠡ ᠳᠠᠶᠢᠨ ᠤ ᠲᠠᠯᠠᠪᠤᠷ︾ ᠳᠡᠭᠡᠷ᠎ᠡ ᠭᠤᠣᠯᠳᠠᠯᠭ᠎ᠠ ᠲᠠᠢ ᠬᠦᠴᠦᠯᠡᠬᠦ ᠬᠡᠷᠡᠭᠲᠡᠢ᠃ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ᠂ ᠬᠠᠮᠵᠢᠯᠴᠠᠨ ᠬᠠᠮᠲᠤᠪᠠᠷ ᠵᠠᠰᠠᠬᠤ᠂ ᠠᠳᠡᠯ ᠢ ᠭᠡᠳᠡᠷᠭᠦ ᠪᠠᠶᠢᠴᠠᠭᠠᠬᠤ ︽ᠭᠤᠷᠪᠠᠨ ᠶᠡᠭᠡ ᠠᠷᠭ᠎ᠠ ᠬᠡᠮᠵᠢᠶ᠎ᠡ︾ ᠪᠠᠷ ᠳᠠᠮᠵᠢᠭᠤᠯᠤᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ‌‍ᠲ᠋ᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
5.jpg
      ᠬᠤᠷᠠᠯ ᠠᠴᠠ᠂ ᠡᠯ᠎ᠡ ᠱᠠᠲᠤᠨ ᠤ ᠵᠠᠮ ᠬᠠᠷᠢᠯᠴᠠᠭᠠᠨ ᠤ ᠵᠥᠪᠯᠡᠯ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠪᠦᠬᠦ ᠲᠠᠯ᠎ᠠ ᠶᠢᠨ ᠦᠵᠡᠯᠲᠡ ᠪᠠ ᠪᠦᠬᠦ ᠲᠠᠯ᠎ᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯᠯᠠᠭ᠎ᠠ ᠪᠠᠨ ᠨᠢᠭᠡᠳᠬᠡᠵᠦ᠂ ᠲᠥᠪᠯᠡᠷᠡᠭᠦᠯᠦᠨ ᠪᠣᠭᠤᠮᠲᠠ ᠰᠢᠪᠲᠤᠯᠬᠤ ᠬᠡᠷᠡᠭᠲᠡᠶ᠃ ᠲᠤᠮᠤ ᠳ᠋ᠠᠶᠢᠲ᠋ᠠ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠭᠦᠢᠴᠡᠳ ᠠᠰᠢᠭᠯᠠᠵᠤ᠂ ᠰᠢᠰᠲ᠋ᠧᠮᠲᠦ ᠴᠢᠨᠠᠷᠲᠠᠢ ᠮᠡᠳᠡᠭᠡ ᠵᠠᠩᠭᠢ ᠶᠢᠨ ᠲᠤᠯᠭᠠᠭᠤᠷᠢᠯᠠᠯ ᠢ ᠪᠦᠷᠢᠯᠳᠦᠭᠦᠯᠵᠦ᠂ ᠠᠵᠢᠯ ᠤᠨ ᠪᠠᠷᠠᠭᠠᠯᠬᠢᠯᠠᠯᠳᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠳᠠᠯᠠᠵᠤ᠂ ᠠᠵᠤ ᠠᠬᠤᠶᠢᠯᠠᠯ ᠤᠨ ᠬᠠᠷᠢᠭᠤᠴᠠᠯᠭ᠎ᠠ᠂ ᠠᠮᠤᠷ ᠲᠦᠪᠰᠢᠨ ᠤ ᠣᠷᠣᠭᠤᠯᠤᠯᠲᠠ᠂ ᠪᠣᠯᠪᠠᠰᠤᠷᠠᠯ᠂ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠪᠣᠳᠠᠲᠠᠶᠢᠵᠢᠭᠤᠯᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠪᠥᠬᠦ ᠬᠦᠴᠦᠨ ᠢᠶᠠᠷ ᠢᠶᠠᠨ ᠠᠶᠤᠯ ᠲᠦᠭᠰᠢᠭᠦᠷᠢ ᠶᠢ ᠰᠡᠷᠭᠡᠶᠢᠯᠡᠵᠦ᠂ ᠠᠮᠤᠷ ᠲᠦᠪᠰᠢᠨ ᠢ ᠪᠠᠲᠤᠯᠠᠨ᠂ ᠬᠥᠭᠵᠢᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ ᠪᠡᠶᠡᠯᠡᠭᠦᠯᠬᠦ ᠳᠤ ᠪᠠᠲᠤ ᠪᠠᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠱᠠᠭᠠᠷᠳᠠᠪᠠ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ