ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠯᠴᠢᠷᠤᠳ ᠲᠣᠮᠢᠯᠠᠭᠰᠠᠨ ᠰᠠᠯᠪᠤᠷᠢ ᠬᠡᠷᠡᠭ ᠥᠳᠥᠵᠦ ᠤᠷᠰᠢᠭ ᠲᠠᠲᠠᠭᠰᠠᠨ ᠬᠡᠷᠡᠭ ᠲᠤ ᠴᠣᠬᠢᠯᠲᠠ ᠥᠭᠪᠡ
ᠨᠡᠶᠢᠲᠡᠯᠡᠭᠰᠡᠨ ᠴᠠᠭ᠄
2024/6/27
    6 ᠰᠠᠷ᠎ᠠ ᠶᠢᠨ 19 ᠤ ᠡᠳᠦᠷ᠂ ᠨᠡᠶᠢᠭᠡᠮ ᠤᠨ ᠠᠮᠤᠷ ᠲᠦᠪᠰᠢᠨ ᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ ᠰᠢᠯᠢᠳᠡᠭᠵᠢᠭᠦᠯᠵᠦ᠂ ᠨᠡᠶᠢᠭᠡᠮ ᠤᠨ ᠲᠠᠯ᠎ᠠ ᠶᠢᠨ ᠠᠮᠤᠷ ᠲᠦᠪᠰᠢᠨ ᠤ ᠳᠠᠯᠳᠠ ᠭᠡᠮ ᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠵᠤ᠂ ᠬᠠᠷᠢᠶ᠎ᠠ ᠣᠷᠣᠨ ᠤ ᠨᠡᠶᠢᠭᠡᠮ ᠤᠨ ᠠᠮᠤᠷ ᠲᠦᠪᠰᠢᠨ ᠤ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠯᠴᠢᠷᠤᠳ ᠰᠤᠮᠤᠨ ᠤ ᠲᠣᠮᠢᠯᠠᠭᠰᠠᠨ ᠰᠠᠯᠪᠤᠷᠢ ᠬᠡᠷᠡᠭ ᠥᠳᠥᠭᠡᠭᠰᠡᠨ ᠬᠡᠷᠡᠭ ᠲᠤ ᠴᠣᠬᠢᠯᠲᠠ ᠥᠭᠴᠦ ᠰᠢᠢᠳᠪᠦᠷᠢᠯᠡᠵᠡᠶ᠃
寻衅滋事案.jpg
    6 ᠰᠠᠷ᠎ᠠ ᠶᠢᠨ 17 ᠤ ᠡᠳᠦᠷ᠂ ᠪᠠᠯᠴᠢᠷᠤᠳ ᠰᠤᠮᠤᠨ ᠤ ᠲᠣᠮᠢᠯᠠᠭᠰᠠᠨ ᠰᠠᠯᠪᠤᠷᠢ ᠨᠢᠭᠡᠨ ᠵᠣᠴᠢᠳ ᠤᠨ ᠪᠠᠭᠤᠳᠠᠯ ᠤᠨ ᠦᠢᠯᠡᠴᠢᠯᠡᠭᠴᠢ ᠰᠤ᠋ ᠣᠪᠣᠭᠲᠤ ᠵᠠᠷᠢᠮ ᠬᠥᠮᠦᠨ ᠠᠷᠢᠬᠢ ᠤᠤᠭᠤᠭᠰᠠᠨ ᠤ ᠳᠠᠷᠠᠭ᠎ᠠ ᠬᠡᠷᠡᠭ ᠥᠳᠥᠵᠦ ᠲᠡᠭᠦᠨ ᠢ ᠵᠣᠳᠣᠵᠠᠶ ᠭᠡᠰᠡᠨ ᠬᠡᠷᠡᠭ ᠤᠨ ᠮᠡᠳᠡᠭᠦᠯᠦᠯᠲᠡ ᠶᠢ ᠲᠤᠰᠪᠠ᠃ ᠬᠡᠷᠡᠭ ᠤᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ ᠠᠷᠠᠳ ᠤᠨ ᠴᠠᠭᠳᠠᠭ᠎ᠠ ᠲᠡᠷᠡ ᠳᠠᠷᠤᠶ ᠳᠤ ᠨᠢ ᠲᠤᠬᠠᠶ ᠶᠢᠨ ᠲᠠᠯᠠᠪᠤᠷ ᠲᠤ ᠬᠦᠷᠴᠦ᠂ ᠭᠡᠷᠡᠴᠢ ᠪᠠᠷᠢᠮᠲᠠ ᠶᠢ ᠲᠣᠭᠲᠠᠪᠤᠷᠢᠵᠢᠭᠤᠯᠵᠠᠶ᠃ ᠰᠢᠭᠦᠨ ᠠᠰᠠᠭᠤᠬᠤ ᠪᠠᠷ ᠳᠠᠮᠵᠢᠭᠠᠳ ᠨᠠ ᠣᠪᠣᠭᠲᠤ ᠥᠪᠡᠷ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠪᠠᠨ ᠨᠢᠭᠤᠯ ᠦᠭᠡᠢ ᠥᠴᠢᠭᠯᠡᠨ ᠮᠡᠳᠡᠷᠡᠵᠡᠶ᠃     ᠣᠳᠣᠬᠠᠨ ᠳᠤ᠂ ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠯᠴᠢᠷᠤᠳ ᠰᠤᠮᠤᠨ ᠤ ᠲᠣᠮᠢᠯᠠᠭᠰᠠᠨ ᠰᠠᠯᠪᠤᠷᠢ ᠠᠴᠠ ᠨᠠ ᠣᠪᠣᠭᠲᠤ ᠶᠢᠨ ᠬᠡᠷᠡᠭ ᠥᠳᠥᠵᠦ ᠤᠷᠰᠢᠭ ᠲᠠᠲᠠᠭᠰᠠᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠠᠷᠪᠠᠨ ᠡᠳᠦᠷ ᠵᠠᠰᠠᠭ ᠵᠠᠬᠢᠷᠭᠠᠨ ᠢᠶᠠᠷ ᠲᠦᠷ ᠬᠤᠷᠢᠬᠤ ᠪᠠᠷ ᠰᠢᠢᠳᠭᠡᠵᠦ᠂ 500 ᠲᠥᠭᠦᠷᠢᠭ ᠢᠶᠠᠷ ᠲᠤᠷᠭᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ