ᠰᠦᠨᠢᠳ ᠪᠠᠷᠠᠭᠤᠨ ᠬᠤᠰᠢᠭᠤᠨ ᠤ ᠳᠣᠲᠤᠭᠠᠳᠤ ᠶᠢ ᠬᠠᠮᠠᠭᠠᠯᠠᠬᠤ ᠳᠣᠪᠴᠢᠶ᠎ᠠ ᠰᠦᠷᠳᠡᠭᠦᠯᠦᠯ ᠢ ᠡᠰᠡᠷᠭᠦᠴᠡᠬᠦ ᠪᠣᠳᠠᠲᠤ ᠪᠠᠶᠢᠯᠳᠤᠭᠠᠨ ᠤ ᠰᠣᠷᠢᠯᠲᠠ ᠦᠷᠨᠢᠭᠦᠯᠪᠡ
ᠨᠡᠶᠢᠲᠡᠯᠡᠭᠰᠡᠨ ᠴᠠᠭ᠄
2024/6/3
      ᠳᠣᠲᠣᠭᠠᠳᠤ ᠶᠢ ᠬᠠᠮᠠᠭᠠᠯᠠᠬᠤ ᠣᠨᠴᠠ ᠲᠥᠷᠥᠯ ᠤᠨ ᠴᠠᠭᠳᠠᠭ᠎ᠠ ᠶᠢᠨ ᠭᠡᠨᠡᠳᠲᠡ ᠶᠢᠨ ᠬᠡᠷᠡᠭ ᠢ ᠲᠦᠷᠭᠡᠨ ᠰᠢᠢᠳᠪᠦᠷᠢᠯᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠪᠣᠳᠠᠲᠤ ᠪᠠᠶᠢᠯᠳᠤᠭᠠᠨ ᠤ ᠠᠬᠤᠢ ᠪᠠᠶᠢᠳᠠᠯ ᠳᠣᠣᠷᠠᠬᠢ ᠡᠩᠨᠡᠭᠡ ᠶᠢᠨ ᠲᠦᠷᠭᠡᠨ ᠲᠤᠰᠬᠠᠯ ᠭᠠᠷᠭᠠᠬᠤ᠂ ᠲᠣᠨᠤᠭ ᠲᠥᠬᠦᠭᠡᠷᠦᠮᠵᠢ ᠲᠣᠬᠢᠷᠠᠭᠤᠯᠬᠤ᠂ ᠬᠠᠮᠵᠢᠯᠴᠠᠨ ᠪᠠᠶᠢᠯᠳᠤᠬᠤ ᠪᠠ ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠳᠠᠪᠤᠷᠢ ᠶᠢᠨ ᠲᠦᠪᠰᠢᠨ ᠢ ᠰᠢᠯᠭᠠᠨ ᠪᠠᠶᠢᠴᠠᠭᠠᠬᠤ ᠶᠢᠨ ᠲᠥᠯᠥᠭᠡ᠂ ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠥᠯ ᠤᠨ ᠴᠠᠭᠳᠠᠭᠠᠨ ᠤ ᠶᠡᠭᠡ ᠠᠩᠭᠢ ᠲᠦᠷᠦᠭᠦᠯᠡᠨ ︽ᠰᠦᠷᠳᠡᠭᠦᠯᠦᠯ ᠢ ᠡᠰᠡᠷᠭᠦᠴᠡᠬᠦ 24 ᠴᠠᠭ︾ ᠤᠯᠠᠭᠠᠨ ᠬᠥᠬᠡ ᠡᠰᠡᠷᠭᠦᠴᠡᠯᠳᠦᠬᠦ ᠰᠣᠷᠢᠯᠲᠠ ᠶᠢᠨ ᠡᠭᠦᠷᠭᠡ ᠶᠢ ᠵᠣᠬᠢᠶᠠᠨ ᠪᠠᠶᠢᠭᠤᠯᠵᠤ ᠥᠷᠨᠢᠭᠦᠯᠪᠡ᠂ ᠲᠤᠰ ᠤᠳᠠᠭᠠᠨ ᠤ ᠰᠣᠷᠢᠯᠲᠠ ᠳᠤ ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠤᠯᠠᠭᠠᠨ ᠲᠠᠯ᠎ᠠ᠂ ᠰᠢᠯᠤᠭᠤᠨ ᠬᠥᠬᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠬᠥᠬᠡ ᠲᠠᠯ᠎ᠠ ᠶᠢᠨ ᠳᠦᠷᠢ ᠪᠠᠷ ᠣᠷᠣᠯᠴᠠᠪᠠ᠃ 5 ᠰᠠᠷ᠎ᠠ ᠶᠢᠨ 28 ᠤ ᠡᠳᠦᠷ᠂ 2024 ᠣᠨ ᠤ ︽ᠨᠢᠭᠤᠷᠳᠠᠬᠤ ᠦᠭᠡᠢ︾ ᠰᠦᠷᠳᠡᠭᠦᠯᠦᠯ ᠢ ᠡᠰᠡᠷᠭᠦᠴᠡᠬᠦ ᠪᠣᠳᠠᠲᠤ ᠪᠠᠶᠢᠯᠳᠤᠭᠠᠨ ᠤ ᠰᠣᠷᠢᠯᠲᠠ ᠵᠢᠩᠬᠢᠨᠢ ᠪᠠᠷ ᠡᠬᠢᠯᠡᠪᠡ᠃
1.jpg
      ᠨᠢᠭᠡ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠢ ᠲᠣᠬᠢᠷᠠᠭᠤᠯᠪᠠ᠃ ᠲᠤᠰ ᠤᠳᠠᠭᠠᠨ ᠤ ᠰᠣᠷᠢᠯᠲᠠ ᠶᠢ ᠲᠣᠪᠴᠢᠶᠠᠨ ᠤ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠣᠷᠢᠯᠲᠠ ᠬᠢᠬᠦ ᠬᠥᠮᠦᠰ ᠪᠠ ᠲᠣᠨᠣᠭᠯᠠᠯ ᠤᠨ ᠲᠠᠯ᠎ᠠ ᠪᠠᠷ ᠲᠦᠢᠯ ᠤᠨ ᠶᠡᠭᠡ ᠪᠠᠲᠤᠯᠠᠭ᠎ᠠ ᠬᠠᠩᠭᠠᠪᠠ᠃ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠥᠯ ᠤᠨ ᠴᠠᠭᠳᠠᠭᠠᠨ ᠤ ᠶᠡᠭᠡ ᠠᠩᠭᠢ ᠨᠢ ᠲᠥᠯᠥᠪᠯᠡᠭᠡ ᠪᠠ ᠲᠣᠬᠢᠷᠠᠭᠤᠯᠤᠯᠲᠠ ᠪᠠᠨ ᠲᠦᠢᠯᠪᠤᠷᠢᠲᠠᠢ ᠤᠷᠢᠳᠴᠢᠯᠠᠨ ᠲᠣᠭᠲᠠᠭᠠᠬᠤ ᠶᠢᠨ ᠬᠠᠮᠲᠤ᠂ ᠡᠯ᠎ᠡ ᠴᠠᠭᠳᠠᠭ᠎ᠠ ᠶᠢᠨ ᠲᠥᠷᠥᠯ ᠬᠢᠭᠡᠳ ᠬᠠᠮᠢᠶ᠎ᠠ ᠪᠦᠬᠦᠢ ᠪᠦᠷᠢᠯᠳᠦᠬᠦᠨ ᠨᠢᠭᠡᠴᠢ ᠲᠠᠢ ᠭᠦᠢᠴᠡᠳ ᠨᠡᠪᠲᠡᠷᠡᠯᠴᠡᠨ ᠵᠣᠬᠢᠴᠠᠭᠤᠯᠵᠤ᠂ ᠰᠣᠷᠢᠯᠲᠠ ᠶᠢᠨ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠪᠠ᠃
6.jpg
      ᠬᠤᠶᠠᠷ᠂ ᠴᠢᠮᠡᠭᠡ ᠮᠡᠳᠡᠭᠡ ᠪᠠᠷ ᠬᠥᠲᠥᠯᠥᠨ ᠳᠠᠭᠠᠭᠤᠯᠵᠤ᠂ ᠣᠨᠣᠪᠴᠢᠲᠠᠢ ᠴᠣᠬᠢᠯᠲᠠ ᠥᠭᠪᠡ᠃ ᠲᠤᠰ ᠤᠳᠠᠭᠠᠨ ᠤ ᠰᠣᠷᠢᠯᠲᠠ ᠶᠢ ᠤᠷᠢᠳᠴᠢᠯᠠᠨ ᠮᠡᠳᠡᠭᠳᠡᠭᠰᠡᠨ ᠦᠭᠡᠢ ᠪᠠᠶᠢᠳᠠᠯ ᠳᠣᠣᠷ᠎ᠠ ᠬᠥᠬᠡ ᠲᠠᠯ᠎ᠠ ᠶᠢᠨ ᠬᠥᠮᠦᠨ ᠰᠠᠶᠢᠬᠠᠨᠲᠠᠯ᠎ᠠ ᠪᠠᠯᠭᠠᠰᠤᠨ ᠳᠤ ᠨᠢᠭᠤᠴᠠ ᠪᠠᠷ ᠣᠷᠣᠵᠤ᠂ ᠵᠠᠪᠰᠢᠶᠠᠨ ᠢ ᠳᠠᠯᠢᠮᠳᠠᠭᠤᠯᠤᠨ ᠬᠦᠴᠦᠷᠬᠡᠭᠯᠡᠯ ᠰᠦᠷᠳᠡᠭᠦᠯᠦᠯ ᠤᠨ ᠲᠦᠭᠰᠢᠭᠦᠷᠢ ᠶᠢᠨ ᠪᠠᠶᠢᠳᠠᠯ ᠢ ᠡᠭᠦᠰᠭᠡᠵᠦ᠂ ᠰᠣᠷᠢᠯᠲᠠ ᠶᠢ ᠪᠣᠳᠠᠲᠤ ᠪᠠᠶᠢᠯᠳᠤᠭᠠᠨ ᠤ ᠣᠨᠴᠠᠯᠢᠭ ᠲᠠᠢ ᠨᠠᠩ ᠣᠶᠢᠷᠠᠲᠤᠭᠤᠯᠪᠠ᠃ ᠰᠣᠷᠢᠯᠲᠠ ᠶᠢᠨ ᠶᠠᠪᠤᠴᠠ ᠳᠤ᠂ ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠴᠢᠮᠡᠭᠡ ᠮᠡᠳᠡᠭᠡ ᠵᠢᠯᠣᠭᠤᠳᠬᠤ ᠲᠥᠪ᠂ ᠴᠠᠭᠳᠠᠭᠠᠨ ᠤ ᠶᠠᠪᠤᠳᠠᠯ ᠤᠨ ᠲᠤᠰᠠᠯᠠᠬᠤ ᠶᠡᠭᠡ ᠠᠩᠭᠢ᠂ ᠡᠷᠡᠭᠦᠦ ᠶᠢᠨ ᠬᠡᠷᠡᠭ ᠢ ᠲᠠᠩᠨᠠᠨ ᠪᠠᠶᠢᠴᠠᠭᠠᠬᠤ ᠶᠡᠭᠡ ᠠᠩᠭᠢ᠂ ᠠᠮᠤᠷ ᠢ ᠬᠠᠮᠠᠭᠠᠯᠠᠬᠤ ᠶᠡᠭᠡ ᠠᠩᠭᠢ ᠪᠣᠯᠤᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠥᠯ ᠤᠨ ᠴᠠᠭᠳᠠᠭ᠎ᠠ ᠶᠢᠨ ᠶᠡᠭᠡ ᠠᠩᠭᠢ ᠵᠡᠷᠭᠡ ᠰᠠᠯᠠᠭ᠎ᠠ ᠮᠥᠴᠢᠷ ᠴᠢᠮᠡᠭᠡ ᠮᠡᠳᠡᠭᠡ ᠶᠢ ᠭᠦᠢᠴᠡᠳ ᠠᠰᠢᠭᠯᠠᠨ ᠰᠤᠳᠤᠯᠤᠨ ᠮᠠᠭᠠᠳᠯᠠᠵᠤ᠂ ᠬᠠᠮᠤᠭ ᠤᠨ ᠲᠦᠷᠭᠡᠨ ᠬᠤᠷᠳᠤᠴᠠ ᠪᠠᠷ ᠬᠥᠬᠡ ᠲᠠᠯ᠎ᠠ ᠶᠢᠨ ᠨᠢᠭᠤᠭᠳᠠᠵᠤ ᠪᠠᠶᠢᠭ᠎ᠠ ᠬᠥᠮᠦᠰ ᠢ ᠡᠷᠢᠵᠦ ᠣᠯᠤᠭᠰᠠᠨ ᠪᠠᠶᠢᠨ᠎ᠠ᠃
7.jpg
      ᠭᠤᠷᠪᠠ᠂ ᠰᠢᠨᠵᠢᠯᠡᠭᠡ ᠮᠡᠷᠭᠡᠵᠢᠯ ᠤᠨ ᠴᠢᠳᠠᠪᠬᠢ ᠳᠤ ᠲᠦᠰᠢᠭᠯᠡᠵᠦ᠂ ᠬᠠᠮᠵᠢᠯᠴᠠᠨ ᠪᠠᠶᠢᠯᠳᠤᠪᠠ᠃ ᠴᠢᠮᠡᠭᠡ ᠬᠤᠯᠪᠣᠭ᠎ᠠ᠂ ᠵᠢᠯᠣᠭᠤᠴᠢ ᠦᠭᠡᠢ ᠨᠢᠰᠬᠡᠯ᠂ 5 G ᠪᠤᠴᠠᠭᠠᠨ ᠳᠠᠮᠵᠢᠭᠤᠯᠬᠤ ᠰᠢᠰᠲ᠋ᠧᠮ ᠵᠡᠷᠭᠡ ᠠᠯᠤᠰ ᠡᠵᠡᠮᠰᠢᠯᠲᠦ ᠮᠡᠳᠡᠭᠡ ᠵᠠᠩᠭᠢ ᠶᠢᠨ ᠳᠠᠮᠵᠢᠭᠤᠯᠭ᠎ᠠ ᠶᠢᠨ ᠰᠢᠰᠲ᠋ᠧᠮ ᠢ ᠰᠣᠷᠢᠯᠲᠠ ᠶᠢᠨ ᠳᠤᠮᠳᠠ ᠪᠦᠬᠦ ᠲᠠᠯ᠎ᠠ ᠪᠠᠷ ᠬᠡᠷᠡᠭᠯᠡᠵᠦ᠂ ᠴᠣᠬᠢᠯᠲᠠ ᠥᠭᠴᠦ ᠰᠢᠢᠳᠪᠦᠷᠢᠯᠡᠬᠦ᠂ ᠳᠠᠭᠠᠷᠢᠯᠲᠠ ᠶᠢ ᠰᠡᠷᠭᠡᠶᠢᠯᠡᠬᠦ᠂ ᠳᠡᠯᠪᠡᠴᠢᠯᠲᠡ ᠶᠢ ᠨᠡᠩᠵᠢᠨ ᠠᠷᠢᠯᠭᠠᠬᠤ᠂ ᠲᠤᠬᠠᠢ ᠶᠢᠨ ᠲᠠᠯᠠᠪᠤᠷ ᠲᠤ ᠠᠪᠤᠷᠠᠨ ᠲᠤᠰᠠᠯᠠᠬᠤ ᠵᠡᠷᠭᠡ ᠭᠤᠭᠴᠤᠭ᠎ᠠ ᠶᠢ ᠵᠠᠪᠰᠠᠷ ᠦᠭᠡᠢ ᠵᠣᠯᠭᠠᠭᠤᠯᠵᠤ᠂ ︽ᠴᠢᠮᠡᠭᠡ ᠮᠡᠳᠡᠭᠡ᠂ ᠵᠢᠯᠣᠭᠤᠳᠬᠤ᠂ ᠠᠵᠢᠯᠯᠠᠭ᠎ᠠ︾ ᠶᠢ ᠨᠢᠭᠡ ᠴᠣᠭᠴᠠᠵᠢᠭᠤᠯᠤᠨ ᠠᠵᠢᠯᠯᠠᠭᠤᠯᠬᠤ ᠪᠠ ᠡᠯ᠎ᠡ ᠴᠠᠭᠳᠠᠭᠠᠨ ᠤ ᠲᠥᠷᠥᠯ ᠢ ᠪᠦᠬᠦᠯᠢ ᠴᠣᠭᠴᠠ ᠪᠠᠷ ᠨᠢ ᠪᠠᠶᠢᠯᠳᠤᠬᠤ ᠪᠣᠯᠭᠠᠵᠤ᠂ ᠬᠥᠨᠳᠡᠯᠡᠨ ᠢᠶᠠᠷ ᠬᠤᠯᠪᠣᠭᠠᠯᠠᠨ ᠬᠥᠳᠡᠯᠦᠯᠴᠡᠭᠰᠡᠨ᠂ ᠭᠤᠯᠳᠤ ᠪᠠᠷ ᠨᠡᠪᠲᠡᠷᠡᠭᠰᠡᠨ ᠨᠡᠶᠢᠯᠡᠮᠡᠯ ᠪᠠᠶᠢᠯᠳᠤᠭᠠᠨ ᠤ ᠰᠢᠰᠲ᠋ᠧᠮ ᠢ ᠪᠠᠶᠢᠭᠤᠯᠵᠤ᠂ ᠰᠣᠷᠢᠯᠲᠠ ᠶᠢᠨ ᠠᠬᠢᠴᠠ ᠶᠢ ᠴᠢᠨᠠᠷ ᠰᠠᠶᠢᠲᠠᠢ ᠲᠦᠯᠬᠢᠪᠡ᠃
9.jpg
      ᠳᠥᠷᠪᠡ᠂ ᠪᠦᠬᠦ ᠶᠠᠪᠤᠴᠠ ᠳᠤ ᠳᠠᠬᠢᠨ ᠬᠢᠨᠠᠯᠲᠠ ᠬᠢᠵᠦ᠂ ᠴᠡᠭᠴᠡᠯᠡᠨ ᠰᠠᠶᠢᠵᠢᠷᠠᠭᠤᠯᠪᠠ᠃ ᠰᠣᠷᠢᠯᠲᠠ ᠳᠠᠭᠤᠰᠤᠭᠰᠠᠨ ᠤ ᠳᠠᠷᠠᠭ᠎ᠠ᠂ ᠳ᠋ᠦᠩᠨᠡᠯᠲᠡ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠤᠳᠤᠷᠢᠳᠤᠨ ᠲᠣᠬᠢᠷᠠᠭᠤᠯᠬᠤ ᠳᠤᠭᠤᠶᠢᠯᠠᠩ ᠠᠴᠠ ᠰᠣᠷᠢᠯᠲᠠ ᠶᠢᠨ ᠦᠨᠡᠯᠡᠯᠲᠡ ᠬᠢᠵᠦ᠂ ᠰᠣᠷᠢᠯᠲᠠ ᠶᠢᠨ ᠰᠢᠢᠳᠪᠦᠷᠢᠯᠡᠭᠰᠡᠨ ᠦᠷ᠎ᠡ ᠳ᠋ᠦᠩ᠂ ᠰᠢᠢᠳᠪᠦᠷᠢᠯᠡᠭᠰᠡᠨ ᠲᠤᠷᠰᠢᠯᠭ᠎ᠠ ᠳᠤ ᠴᠠᠭ ᠲᠤᠬᠠᠢ ᠳᠤ ᠨᠢ ᠳ᠋ᠦᠩᠨᠡᠯᠲᠡ ᠪᠠ ᠳᠠᠬᠢᠨ ᠬᠢᠨᠠᠯᠲᠠ ᠬᠢᠪᠡ᠃ ᠡᠯ᠎ᠡ ᠴᠠᠭᠳᠠᠭᠠᠨ ᠤ ᠲᠥᠷᠥᠯ᠂ ᠡᠯ᠎ᠡ ᠪᠦᠷᠢᠯᠳᠦᠬᠦᠨ ᠨᠢᠭᠡᠴᠢ ᠰᠣᠷᠢᠯᠲᠠ ᠳᠤᠮᠳᠠ ᠢᠯᠡᠷᠡᠭᠦᠯᠦᠭᠰᠡᠨ ᠠᠰᠠᠭᠤᠳᠠᠯ ᠤᠨ ᠲᠣᠭᠤᠷᠢᠨ ᠳᠤ ᠴᠠᠭ ᠲᠤᠬᠠᠢ ᠳᠤ ᠨᠢ ᠴᠡᠭᠴᠡᠯᠡᠨ ᠰᠠᠶᠢᠵᠢᠷᠠᠭᠤᠯᠵᠤ᠂ ᠪᠠᠶᠢᠭᠤᠯᠭ᠎ᠠ ᠶᠢᠨ ᠰᠢᠢᠳᠪᠦᠷᠢᠯᠡᠬᠦ ᠪᠡᠯᠡᠳᠬᠡᠯ ᠲᠥᠰᠦᠯ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠰᠢᠯᠢᠳᠡᠭᠵᠢᠭᠦᠯᠵᠦ ᠲᠡᠭᠦᠯᠳᠡᠷᠵᠢᠭᠦᠯᠪᠡ᠃
10.jpg
      ᠲᠤᠰ ᠤᠳᠠᠭᠠᠨ ᠤ ᠰᠣᠷᠢᠯᠲᠠ ᠨᠢ ᠣᠳᠣᠬᠠᠨ ᠤ ᠰᠦᠷᠳᠡᠭᠦᠯᠦᠯ ᠢ ᠡᠰᠡᠷᠭᠦᠴᠡᠨ ᠲᠣᠭᠲᠠᠭᠤᠨ ᠪᠠᠶᠢᠳᠠᠯ ᠢ ᠬᠠᠮᠠᠭᠠᠯᠠᠬᠤ ᠰᠢᠨ᠎ᠡ ᠡᠭᠦᠷᠭᠡ ᠲᠠᠢ ᠨᠢᠭᠲᠠ ᠤᠶᠠᠯᠳᠤᠭᠤᠯᠤᠨ᠂ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠰᠢᠨ᠎ᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠳᠣᠬᠢᠴᠢᠯᠠᠭᠰᠠᠨ ᠴᠠᠭᠳᠠᠭᠠᠨ ᠤ ᠵᠡᠪᠰᠡᠭ ᠲᠣᠨᠣᠭᠯᠠᠯ ᠢ ᠭᠦᠢᠴᠡᠳ ᠬᠡᠷᠡᠭᠯᠡᠨ᠂ ᠪᠣᠳᠠᠲᠤ ᠪᠠᠶᠢᠯᠳᠤᠭᠠᠨ ᠤ ᠤᠳᠤᠷᠢᠳᠤᠮᠵᠢ ᠶᠢ ᠳᠣᠪᠤᠶᠢᠯᠭᠠᠵᠤ᠂ ᠪᠠᠴᠢᠮ ᠪᠠᠶᠢᠳᠠᠯ ᠢ ᠠᠷᠭᠠᠴᠠᠨ ᠵᠢᠯᠣᠭᠤᠳᠬᠤ᠂ ᠲᠦᠷᠭᠡᠨ ᠲᠤᠰᠬᠠᠯ ᠭᠠᠷᠭᠠᠬᠤ᠂ ᠠᠯᠤᠰ ᠠᠴᠠ ᠬᠥᠳᠡᠯᠦᠩᠭᠦᠢ ᠡᠵᠡᠮᠰᠢᠬᠦ᠂ ᠵᠡᠪᠰᠡᠭᠲᠦ ᠬᠦᠴᠦᠨ ᠢᠶᠠᠷ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠡᠷᠭᠡ ᠪᠣᠳᠠᠲᠤ ᠪᠠᠶᠢᠯᠳᠤᠭᠠᠨ ᠤ ᠴᠢᠳᠠᠪᠤᠷᠢ ᠶᠢ ᠳᠡᠭᠡᠭᠰᠢᠯᠡᠭᠦᠯᠬᠦ ᠵᠣᠷᠢᠯᠭ᠎ᠠ ᠳᠤ ᠬᠦᠷᠴᠦ᠂ ᠬᠤᠶᠢᠰᠢᠳᠠ ᠶᠢᠨ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠠᠵᠢᠯ ᠢ ᠨᠡᠩ ᠰᠠᠶᠢᠲᠤᠷ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ