ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠤᠷᠭᠠᠭᠤᠯᠢ ᠶᠢᠨ ᠬᠦᠷᠢᠶᠡᠨ ᠳᠤ ᠭᠦᠨᠵᠡᠭᠡᠶᠢᠷᠡᠵᠦ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/6/5
     5 ᠰᠠᠷ᠎ᠠ ᠶᠢᠨ 30 ᠤ ᠡᠳᠦᠷ᠂ ︽ᠵᠢᠷᠭᠤᠭᠠᠨ ᠰᠠᠷ᠎ᠠ ᠶᠢᠨ ᠨᠢᠭᠡᠨ︾ ᠤ ᠬᠡᠦᠬᠡᠳ ᠤᠨ ᠪᠠᠶᠠᠷ ᠬᠦᠷᠴᠦ ᠢᠷᠡᠬᠦ ᠲᠠᠰᠢᠷᠠᠮ ᠳᠤ᠂ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠪᠠ ᠥᠪᠡᠷ ᠤᠨ ᠪᠡᠶ᠎ᠡ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠲᠣᠪᠣᠶᠢᠮ᠎ᠠ ᠠᠶᠤᠯ ᠲᠦᠭᠰᠢᠭᠦᠷᠢ ᠶᠢᠨ ᠳᠠᠯᠳᠠ ᠬᠡᠮ ᠢ ᠪᠦᠲᠦᠮᠵᠢᠲᠡᠶ ᠠᠷᠢᠯᠭᠠᠵᠤ᠂ ᠰᠤᠷᠤᠭᠴᠢᠳ ᠤᠨ ᠵᠠᠮ ᠬᠠᠷᠢᠯᠴᠠᠭᠠᠨ ᠤ ᠠᠳᠡᠯ ᠭᠠᠷᠬᠤ ᠶᠢ ᠰᠡᠷᠭᠡᠶᠢᠯᠡᠬᠦ ᠪᠠ ᠪᠠᠭᠠᠰᠬᠠᠬᠤ ᠶᠢᠨ ᠲᠥᠯᠥᠭᠡ᠂ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠢᠭᠡᠳᠦᠭᠡᠷ ᠪᠠᠭ᠎ᠠ ᠰᠤᠷᠭᠠᠭᠤᠯᠢ ᠳᠤ ᠬᠦᠷᠴᠦ ︽ᠠᠶᠤᠯ ᠲᠦᠭᠰᠢᠭᠦᠷᠢ ᠶᠢ ᠮᠡᠳᠡᠵᠦ ᠠᠶᠤᠯ ᠲᠦᠭᠰᠢᠭᠦᠷᠢ ᠠᠴᠠ ᠵᠠᠶᠢᠯᠠᠵᠤ ᠴᠢᠳᠠᠬᠤ︾ ᠭᠡᠬᠦ ᠭᠤᠣᠯ ᠰᠡᠳᠦᠪ ᠤᠨ ᠲᠣᠭᠤᠷᠢᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯᠯᠠᠭ᠎ᠠ ᠥᠷᠨᠢᠭᠦᠯᠪᠡ᠃
微信图片_20240530153747.jpg
     ᠠᠵᠢᠯᠯᠠᠭ᠎ᠠ ᠶᠢᠨ ᠳᠤᠮᠳᠠ᠂ ᠠᠷᠠᠳ ᠤᠨ ᠴᠠᠭᠳᠠᠭ᠎ᠠ ᠰᠤᠷᠭᠠᠭᠤᠯᠢ ᠶᠢᠨ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠣᠷᠴᠢᠨ ᠲᠣᠭᠤᠷᠢᠨ ᠵᠢᠴᠢ ᠰᠤᠷᠤᠭᠴᠢᠳ ᠤᠨ  ᠨᠠᠰᠤᠨ ᠤ ᠣᠨᠴᠠᠯᠢᠭ ᠲᠠᠢ ᠤᠶᠠᠯᠳᠤᠭᠤᠯᠤᠨ᠂ PPT ᠶᠠᠷᠢᠶ᠎ᠠ ᠢᠯᠡᠳᠬᠡᠯ ᠬᠢᠬᠦ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠦᠵᠡᠭᠦᠯᠬᠦ᠂ ᠠᠰᠠᠭᠤᠯᠲᠠ ᠬᠠᠷᠢᠭᠤᠯᠲᠠ ᠵᠡᠷᠭᠡ ᠬᠡᠯᠪᠡᠷᠢ ᠪᠠᠷ ᠳᠠᠮᠵᠢᠭᠤᠯᠤᠨ᠂ ᠰᠤᠷᠤᠭᠴᠢᠳ ᠲᠤ ᠵᠠᠮ ᠬᠠᠷᠢᠯᠴᠠᠭᠠᠨ ᠤ ᠬᠠᠤᠯᠢ ᠲᠣᠭᠲᠠᠭᠠᠯ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠨ ᠥᠭᠴᠦ᠂ ᠠᠳᠡᠯ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠥᠷᠭᠡᠨ ᠣᠯᠠᠨ ᠰᠤᠷᠤᠭᠴᠢᠳ ᠲᠤ ᠰᠡᠷᠡᠮᠵᠢ ᠦᠭᠭᠦᠭᠰᠡᠨ ᠪᠠᠶᠢᠨ᠎ᠠ᠃ ᠢᠯᠠᠩᠭᠤᠶ᠎ᠠ ᠠᠮᠤᠷ ᠲᠦᠪᠰᠢᠨ ᠤ ᠳᠤᠭᠤᠯᠠᠭ᠎ᠠ ᠶᠢ ᠬᠡᠷᠬᠢᠨ ᠵᠥᠪ ᠵᠡᠭᠦᠬᠦ ᠪᠠ ᠠᠮᠤᠷ ᠲᠦᠪᠰᠢᠨ ᠤ ᠪᠦᠰᠡ ᠶᠢ ᠵᠢᠷᠤᠮᠵᠢᠭᠤᠯᠤᠨ ᠬᠡᠷᠡᠭᠯᠡᠬᠦ ᠲᠤᠬᠠᠢ ᠨᠠᠷᠢᠨ ᠲᠠᠶᠢᠯᠤᠮᠵᠢ ᠬᠢᠵᠦ᠂ ᠰᠤᠷᠤᠭᠴᠢᠳ ᠲᠤ ᠵᠠᠰᠠᠮᠠᠯ ᠵᠠᠮ ᠢ ᠬᠡᠷᠬᠢᠨ ᠠᠶᠤᠯ ᠦᠭᠡᠢ ᠬᠡᠲᠦᠯᠬᠦ  ᠵᠢᠴᠢ ᠵᠠᠮ ᠬᠠᠷᠢᠯᠴᠠᠭᠠᠨ ᠤ ᠳᠦᠷᠢᠮ ᠲᠣᠭᠲᠠᠭᠠᠯ ᠢ ᠵᠢᠷᠤᠮᠯᠠᠨ ᠰᠠᠬᠢᠵᠤ᠂ ᠪᠣᠯᠪᠠᠰᠤᠨ ᠪᠤᠰᠤ ᠵᠠᠮ ᠬᠠᠷᠢᠯᠴᠠᠭᠠᠨ ᠤ ᠦᠶᠯᠡ ᠠᠵᠢᠯᠯᠠᠭ᠎ᠠ ᠪᠠ ᠵᠠᠮ ᠬᠠᠷᠢᠯᠴᠠᠭᠠᠨ ᠤ ᠮᠠᠭᠤ ᠳᠠᠳᠬᠠᠯ ᠢ ᠲᠠᠶᠠᠭᠳᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤ ᠴᠡᠭᠡᠵᠢᠯᠡᠵᠦ᠂ ︽ᠠᠶᠤᠯ ᠲᠦᠭᠰᠢᠭᠦᠷᠢ ᠶᠢ ᠮᠡᠳᠡᠵᠦ ᠠᠶᠤᠯ ᠲᠦᠭᠰᠢᠭᠦᠷᠢ ᠠᠴᠠ ᠵᠠᠶᠢᠯᠠᠵᠤ ᠴᠢᠳᠠᠬᠤ︾ ᠭᠡᠳᠡᠭ ᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠦ ᠰᠠᠨᠠᠭᠤᠯᠤᠭᠰᠠᠨ ᠪᠠᠶᠢᠨ᠎ᠠ᠃
微信图片_20240530153752.jpg
     ᠠᠵᠢᠯᠯᠠᠭ᠎ᠠ ᠶᠢᠨ ᠲᠤᠮᠲᠠ᠂ ᠱᠠᠩᠨᠠᠯ ᠲᠠᠢ ᠥᠷᠢᠰᠦᠯᠳᠦᠨ ᠬᠠᠷᠢᠭᠤᠯᠬᠤ ᠠᠵᠢᠯᠯᠠᠭ᠎ᠠ ᠥᠷᠨᠢᠭᠦᠯᠵᠦ᠂ ᠰᠤᠷᠤᠭᠴᠢᠳ ᠢᠳᠡᠪᠬᠢᠲᠡᠢ ᠪᠠᠷ ᠵᠠᠪᠳᠤᠨ ᠬᠠᠷᠢᠭᠤᠯᠵᠤ᠂ ᠬᠥᠷ ᠬᠥᠭᠵᠢᠶᠡᠨ ᠲᠠᠢ ᠲᠤᠬᠠᠢ ᠶᠢᠨ ᠲᠠᠯᠠᠪᠤᠷ ᠤᠨ ᠠᠭᠤᠷ ᠠᠮᠢᠰᠬᠤᠯ ᠢ ᠪᠤᠢ ᠪᠣᠯᠭᠠᠵᠤ᠂ ᠵᠠᠮ ᠬᠠᠷᠢᠯᠴᠠᠭᠠᠨ ᠤ ᠴᠠᠭᠳᠠᠭ᠎ᠠ ᠠᠴᠠ ᠰᠡᠳᠦᠪ ᠬᠠᠷᠢᠭᠤᠯᠵᠤ ᠱᠠᠩᠨᠠᠯ ᠣᠯᠣᠭᠰᠠᠨ ᠰᠤᠷᠤᠭᠴᠢᠳ ᠲᠤ ᠪᠢᠴᠢᠭ ᠤᠨ ᠬᠡᠷᠡᠭᠰᠡᠯ ᠲᠦᠭᠡᠭᠡᠨ ᠥᠭᠴᠦ ︽ᠵᠢᠷᠭᠤᠭᠠᠨ ᠰᠠᠷ᠎ᠠ ᠶᠢᠨ ᠨᠢᠭᠡᠨ︾ ᠤ ᠬᠡᠦᠬᠡᠳ ᠤᠨ ᠪᠠᠶᠠᠷ ᠤᠨ ᠡᠳᠦᠷ ᠤᠨ ᠪᠡᠯᠡᠭ ᠪᠣᠯᠭᠠᠪᠠ᠃ ᠰᠤᠷᠤᠭᠴᠢᠳ ᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠨᠠᠩ ᠭᠦᠨᠵᠡᠭᠡᠢ ᠰᠤᠷᠤᠯᠴᠠᠭᠤᠯᠵᠤ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠶᠠᠪᠤᠵᠤ ᠰᠠᠭᠤᠬᠤ ᠰᠠᠶᠢᠨ ᠰᠠᠶᠢᠬᠠᠨ ᠳᠠᠳᠬᠠᠯ ᠲᠠᠢ ᠪᠣᠯᠭᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠠᠶᠤᠯ ᠲᠦᠭᠰᠢᠭᠦᠷᠢ ᠠᠴᠠ ᠵᠠᠶᠢᠯᠠᠬᠤ᠂ ᠥᠪᠡᠷ ᠤᠨ ᠠᠮᠢ ᠨᠠᠰᠤᠨ ᠤ ᠠᠮᠤᠷ ᠲᠦᠪᠰᠢᠨ ᠢᠶᠠᠨ ᠬᠠᠮᠠᠭᠠᠯᠠᠬᠤ ᠴᠢᠳᠠᠪᠤᠷᠢ ᠶᠢ ᠨᠢ ᠲᠡᠭᠡᠭᠰᠢᠯᠡᠭᠦᠯᠦᠭᠰᠡᠨ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ  ᠨᠢ ᠰᠤᠷᠤᠭᠴᠢᠳ ᠲᠤ ᠨᠢᠭᠡ ᠤᠳᠠᠭᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠥᠮᠦᠵᠢᠯ ᠢ ᠪᠥᠬᠦ ᠲᠠᠯ᠎ᠠ ᠪᠠᠷ ᠭᠦᠨᠵᠡᠭᠡᠢ ᠬᠦᠷᠲᠡᠭᠡᠭᠰᠡᠨ ᠢᠶᠠᠷ ᠪᠠᠷᠠᠬᠤ ᠦᠭᠡᠢ ᠨᠠᠩ ᠴᠢᠬᠤᠯᠠ ᠨᠢ ᠰᠤᠷᠤᠭᠴᠢᠳ ᠢ ᠬᠠᠷᠠᠬᠠᠨ ᠪᠠᠭ᠎ᠠ ᠠᠴᠠ ᠨᠢ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ᠂ ᠪᠣᠯᠪᠠᠰᠤᠨ ᠵᠠᠮ ᠬᠠᠷᠢᠯᠴᠠᠭᠠᠨ ᠤ ᠤᠬᠠᠮᠰᠠᠷ ᠲᠠᠢ ᠪᠣᠯᠭᠠᠵᠤ᠂ ᠵᠠᠮ ᠬᠠᠷᠢᠯᠴᠠᠭᠠᠨ ᠤ ᠳᠦᠷᠢᠮ ᠲᠣᠭᠲᠠᠭᠠᠯ ᠢ ᠵᠢᠷᠤᠮᠯᠠᠬᠤ ᠰᠠᠶᠢᠨ ᠰᠠᠶᠢᠬᠠᠨ ᠳᠠᠳᠬᠠᠯ ᠲᠠᠢ ᠪᠣᠯᠭᠠᠬᠤ ᠶᠢᠨ ᠬᠠᠮᠲᠤ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢᠨ ᠴᠢᠬᠤᠯᠠ ᠴᠢᠨᠠᠷ ᠢ ᠭᠦᠢᠴᠡᠳ ᠲᠠᠨᠢᠭᠤᠯᠤᠭᠰᠠᠨ ᠪᠠᠶᠢᠨ᠎ᠠ᠃ 
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ