ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ ᠨᠢ ᠡᠷᠴᠢ ᠬᠦᠴᠦ ᠪᠠᠨ ᠲᠥᠪᠯᠡᠷᠡᠭᠦᠯᠦᠨ ᠪᠦᠬᠦ ᠰᠡᠳᠬᠢᠯ ᠢᠶᠠᠷ ᠠᠷᠠᠳ ᠲᠤ ᠦᠢᠯᠡᠴᠢᠯᠡᠪᠡ
ᠨᠡᠶᠢᠲᠡᠯᠡᠭᠰᠡᠨ ᠴᠠᠭ᠄
2024/6/5
      ᠡᠨᠡ ᠵᠢᠯ ᠠᠴᠠ ᠨᠠᠭᠠᠰᠢ᠂ ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠯᠠᠨ ᠲᠦᠮᠡᠨ ᠳᠤ ᠦᠢᠯᠡᠴᠢᠯᠡᠬᠦ ᠠᠷᠭ᠎ᠠ ᠠᠪᠴᠠᠯ ᠢᠶᠠᠨ ᠳᠡᠰ ᠳᠡᠪᠰᠢᠭᠦᠯᠬᠦ ᠶᠢ ᠪᠠᠷᠢᠮᠲᠠᠯᠠᠵᠤ᠂ ︽ᠦᠢᠯᠡᠴᠢᠯᠡᠭᠡ ᠨᠡᠩ ᠰᠢᠯᠢᠳᠡᠭ᠂ ᠦᠷ᠎ᠡ ᠪᠦᠲᠦᠮᠵᠢ ᠨᠡᠩ ᠥᠨᠳᠥᠷ᠂ ᠣᠯᠠᠨ ᠲᠦᠮᠡᠨ ᠨᠡᠩ ᠬᠠᠨᠤᠮᠵᠢᠲᠠᠢ︾ ᠠᠵᠢᠯ ᠤᠨ ᠣᠢᠯᠠᠭᠠᠭᠳᠠᠬᠤᠨ ᠲᠠᠢ ᠨᠢᠭᠲᠠ ᠤᠶᠠᠯᠳᠤᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠤ ᠦᠢᠯᠡᠴᠢᠯᠡᠬᠦ ᠠᠷᠭ᠎ᠠ ᠬᠡᠮᠵᠢᠶ᠎ᠡ ᠪᠠᠨ ᠳᠡᠰ ᠳᠡᠪᠰᠢᠭᠦᠯᠬᠦ ᠶᠢ ᠠᠬᠢᠭᠤᠯᠵᠤ᠂ ᠬᠠᠷᠢᠶᠠᠲᠤ ᠣᠷᠣᠨ ᠤ ᠣᠯᠠᠨ ᠲᠦᠮᠡᠨ ᠳᠤ ᠳᠦᠷᠢᠮᠵᠢᠭᠰᠡᠨ᠂ ᠥᠨᠳᠥᠷ ᠦᠷ᠎ᠡ ᠪᠦᠲᠦᠮᠵᠢᠲᠡᠢ᠂ ᠳᠥᠭᠦᠮ ᠲᠦᠳᠡ ᠴᠣᠩᠬᠤᠨ ᠤ ᠦᠢᠯᠡᠴᠢᠯᠡᠭᠡ ᠬᠠᠩᠭᠠᠵᠤ᠂ ᠦᠢᠯᠡᠴᠢᠯᠡᠭᠡᠨ ᠤ ᠴᠢᠨᠠᠷ ᠢ ᠲᠠᠰᠤᠷᠠᠯᠲᠠ ᠥᠬᠡᠢ ᠳᠡᠭᠡᠭᠰᠢᠯᠡᠭᠦᠯᠵᠦ᠂ ᠦᠢᠯᠡᠴᠢᠯᠡᠭᠡᠨ ᠤ ᠪᠦᠲᠦᠮᠵᠢ ᠪᠠᠨ ᠰᠢᠯᠢᠳᠡᠭᠵᠢᠭᠦᠯᠵᠦ᠂ ᠳᠣᠲᠣᠭᠠᠳᠤ ᠶᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠡᠯ᠎ᠡ ᠲᠥᠷᠥᠯ ᠤᠨ ᠠᠷᠭ᠎ᠠ ᠠᠪᠴᠠᠯ ᠢ ᠪᠦᠬᠦ ᠲᠠᠯ᠎ᠠ ᠪᠠᠷ ᠭᠦᠨᠵᠡᠭᠡᠢᠷᠡᠭᠦᠯᠦᠨ᠂ ᠪᠦᠬᠦ ᠬᠤᠰᠢᠭᠤᠨ ᠤ ᠠᠵᠤ ᠠᠬᠤᠢ ᠨᠡᠢᠭᠡᠮ ᠤᠨ ᠥᠨᠳᠥᠷ ᠴᠢᠨᠰᠠᠭ᠎ᠠ ᠲᠠᠢ ᠬᠥᠭᠵᠢᠯᠲᠡ ᠶᠢ ᠪᠦᠲᠦᠮᠵᠢᠲᠡᠢ ᠠᠬᠢᠭᠤᠯᠵᠠᠢ᠃
20240510113855.jpg
     ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ ᠨᠢ ᠠᠮᠠᠷᠠᠯᠲᠠ ᠶᠢᠨ ᠳᠠᠷᠠᠭᠠᠬᠢ ᠭᠡᠷᠡᠴᠢ ᠦᠨᠡᠮᠯᠡᠯ ᠠᠪᠬᠤ ᠣᠷᠭᠢᠯ ᠬᠤᠭᠤᠴᠠᠭ᠎ᠠ ᠪᠠᠨ ᠤᠭᠲᠤᠵᠤ᠂ ᠥᠷᠭᠡᠨ ᠣᠯᠠᠨ ᠠᠷᠠᠳ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠦᠢᠯᠡᠴᠢᠯᠡᠭᠡᠨ ᠤ ᠲᠥᠪ ᠠᠴᠠ ᠠᠷᠭ᠎ᠠ ᠬᠡᠮᠵᠢᠶ᠎ᠡ ᠠᠪᠴᠤ᠂ ᠣᠳᠣ ᠶᠢᠨ ᠪᠠᠶᠢᠭ᠎ᠠ ᠴᠠᠭᠳᠠᠭᠠᠨ ᠤ ᠬᠦᠴᠦᠨ ᠢ ᠨᠢᠭᠡᠳᠬᠡᠵᠦ᠂ ᠦᠢᠯᠡᠴᠢᠯᠡᠭᠡᠨ ᠤ ᠬᠡᠪ ᠵᠠᠭᠪᠤᠷ ᠢᠶᠠᠨ ᠲᠣᠬᠢᠷᠠᠭᠤᠯᠵᠤ᠂ ᠠᠮᠠᠷᠠᠯᠲᠠ ᠶᠢᠨ ᠳᠠᠷᠠᠭᠠᠬᠢ ᠭᠡᠷᠡᠴᠢ ᠦᠨᠡᠮᠨᠡᠯ ᠭᠦᠢᠴᠡᠳᠬᠡᠬᠦ ᠣᠷᠭᠢᠯ ᠬᠤᠭᠤᠴᠠᠭ᠎ᠠ ᠶᠢ ᠢᠳᠡᠪᠬᠢᠲᠡᠢ ᠠᠷᠭᠠᠴᠠᠵᠤ᠂ ᠥᠷᠭᠡᠨ ᠣᠯᠠᠨ ᠠᠷᠠᠳ ᠲᠦᠮᠡᠨ ᠳᠤ ᠦᠨᠡᠨ ᠬᠦ ᠴᠢᠨᠠᠷ ᠰᠠᠶᠢᠲᠠᠢ᠂ ᠥᠨᠳᠥᠷ ᠦᠷ᠎ᠡ ᠪᠦᠲᠦᠮᠵᠢᠲᠡᠢ᠂ ᠳᠥᠭᠦᠮ ᠲᠥᠳᠡ ᠦᠢᠯᠡᠴᠢᠯᠡᠭᠡ ᠬᠠᠩᠭᠠᠭᠰᠠᠨ ᠶᠤᠮ᠃
20240510113914.jpg
     ᠨᠢᠭᠡ ᠳᠤ᠂ ᠤᠬᠠᠮᠰᠠᠷ ᠠᠴᠠ ᠪᠠᠨ ᠦᠢᠯᠡᠴᠢᠯᠡᠭᠡ ᠬᠠᠩᠭᠠᠪᠠ᠃ ᠠᠵᠢᠯᠲᠠᠳ ᠤᠷᠢᠳᠴᠢᠯᠠᠨ ᠠᠵᠢᠯ ᠤᠨ ᠪᠠᠢᠷᠢᠨ ᠳᠤ ᠪᠠᠨ ᠬᠦᠷᠴᠦ᠂ ᠺᠣᠮᠫᠢᠦ᠋ᠲ᠋ᠧᠷ᠂ ᠪᠢᠴᠢᠭᠯᠡᠭᠦᠷ᠂ ᠰᠢᠷᠪᠢᠭᠦᠷ ᠵᠡᠷᠭᠡ ᠲᠥᠬᠦᠭᠡᠷᠦᠮᠵᠢ ᠶᠢ ᠪᠠᠶᠢᠴᠠᠭᠠᠨ᠂ ᠲᠣᠨᠤᠭ ᠲᠥᠭᠦᠷᠥᠮᠵᠢ ᠶᠢᠨ ᠬᠡᠪ ᠢᠶᠠᠷ ᠠᠵᠢᠯᠯᠠᠬᠤ ᠶᠢ ᠪᠠᠲᠤᠯᠠᠪᠠ᠃ ᠲᠤᠰᠬᠠᠢ ᠴᠠᠭᠳᠠᠭᠠᠨ ᠤ ᠬᠦᠴᠦᠨ ᠢ ᠲᠣᠬᠢᠷᠠᠭᠤᠯᠵᠤ᠂ ᠣᠯᠠᠨ ᠲᠦᠮᠡᠨ ᠤ ᠠᠰᠠᠭᠤᠨ ᠯᠠᠪᠯᠠᠯᠲᠠ ᠳᠤ ᠨᠠᠷᠢᠨ ᠨᠢᠮᠪᠠᠢ ᠬᠠᠷᠢᠭᠤᠯᠲᠠ ᠥᠭᠴᠦ᠂ ᠣᠯᠠᠨ ᠲᠦᠮᠡᠨ ᠢ ᠬᠦᠯᠢᠴᠡᠩᠭᠦᠢ ᠬᠥᠲᠥᠯᠦᠨ ᠵᠢᠯᠣᠭᠤᠳᠴᠤ ᠮᠥᠷᠯᠡᠨ ᠳ᠋ᠤᠭᠠᠷᠯᠠᠭᠤᠯᠵᠤ᠂ ᠦᠢᠯᠡᠴᠢᠯᠡᠭᠡᠨ ᠤ ᠴᠣᠩᠬᠤᠪᠴᠢ ᠳᠤ ᠴᠢᠬᠢᠯᠳᠦᠬᠦ ᠠᠴᠠ ᠵᠶᠢᠯᠠᠰᠬᠢᠵᠦ᠂ ︽ᠨᠢᠭᠡ ᠯᠠ ᠤᠳᠠᠭ᠎ᠠ ᠮᠥᠷᠯᠡᠬᠦ᠂ ᠨᠢᠭᠡ ᠯᠠ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠪᠡ᠃     ᠬᠤᠶᠠᠷ ᠲᠤ᠂ ︽ᠰᠠᠭᠠᠳ ᠦᠭᠡᠢ ᠭᠦᠢᠴᠡᠳᠬᠡᠬᠦ ᠵᠠᠮ︾ ᠢ ᠨᠡᠭᠡᠭᠡᠪᠡ᠃ ︽ᠦᠢᠯᠡᠴᠢᠯᠡᠭᠡ +  ᠠᠷᠠᠳ ᠲᠤ ᠳᠥᠭᠦᠮ ᠦᠵᠡᠭᠦᠯᠬᠦ︾ ᠪᠠᠷ ᠵᠣᠷᠢᠯᠲᠠ ᠪᠣᠯᠭᠠᠵᠤ᠂ ᠨᠠᠰᠤᠲᠠᠶᠢᠴᠤᠳ᠂ ᠰᠤᠷᠤᠭᠴᠢ᠂ ᠭᠠᠳᠠᠭᠰᠢ ᠭᠠᠷᠴᠤ ᠠᠵᠢᠯᠯᠠᠭᠰᠠᠳ᠂ ᠠᠵᠤ ᠠᠬᠤᠢᠯᠠᠯ ᠤᠨ ᠠᠵᠢᠯᠴᠢᠳ ᠵᠡᠷᠭᠡ ᠲᠤᠬᠠᠢᠯᠠᠭᠰᠠᠨ ᠠᠵᠢᠯ ᠭᠦᠢᠴᠡᠳᠬᠡᠬᠦ ᠪᠠᠴᠢᠮ ᠴᠢᠬᠤᠯᠠᠲᠠᠢ ᠬᠥᠮᠦᠰ ᠲᠤ ︽ᠰᠠᠭᠠᠳ ᠥᠬᠡᠢ ᠭᠦᠢᠴᠡᠳᠬᠡᠬᠦ ᠵᠠᠮ︾ ᠤᠨ ᠳᠥᠭᠦᠮ ᠲᠦᠳᠡ ᠦᠢᠯᠡᠴᠢᠯᠡᠭᠡ ᠶᠢ ᠨᠡᠭᠡᠭᠡᠨ ᠥᠭᠴᠦ᠂ ᠤᠷᠢᠳᠠᠪᠡᠷ ᠬᠦᠯᠢᠶᠡᠨ ᠠᠪᠴᠤ ᠰᠢᠢᠳᠪᠦᠷᠢᠯᠡᠵᠦ᠂ ᠤᠷᠢᠳᠠᠪᠡᠷ ᠬᠢᠨᠠᠨ ᠵᠥᠪᠰᠢᠶᠡᠷᠡᠬᠦ ᠦᠢᠯᠡᠴᠢᠯᠡᠭᠡ ᠬᠠᠩᠭᠠᠪᠠ᠃     ᠭᠤᠷᠪᠠ ᠳᠤ᠂ ᠤᠷᠢᠳᠴᠢᠯᠠᠨ ᠪᠣᠯᠵᠣᠬᠤ ᠶᠢ ᠠᠬᠢᠭᠤᠯᠵᠤ᠂ ᠦᠢᠯᠡᠴᠢᠯᠡᠬᠦ ᠴᠠᠭ ᠢ ᠤᠷᠲᠤᠳᠬᠠᠪᠠ᠃ ᠦᠨᠡᠮᠯᠡᠯ ᠭᠦᠢᠴᠡᠳᠬᠡᠬᠦ ᠬᠥᠮᠦᠰ ᠲᠤ ᠴᠢᠭᠯᠡᠭᠦᠯᠦᠨ᠂ ᠦᠢᠯᠡᠴᠢᠯᠡᠭᠡᠨ ᠤ ᠴᠣᠩᠬᠤᠪᠴᠢ ᠳᠤ ᠴᠠᠭᠳᠠᠭᠠᠨ ᠤ ᠬᠦᠴᠦᠨ ᠢ ᠵᠣᠬᠢᠰᠲᠠᠢ ᠲᠣᠬᠢᠷᠠᠭᠤᠯᠵᠤ᠂ ᠤᠷᠢᠳᠴᠢᠯᠠᠨ ᠪᠣᠯᠵᠣᠬᠤ ᠶᠢ ᠠᠬᠢᠭᠤᠯᠵᠤ᠂ ᠦᠢᠯᠡᠴᠢᠯᠡᠬᠦ ᠴᠠᠭ ᠢ ᠦᠷᠲᠤᠳᠬᠠᠨ᠂ ᠬᠠᠮᠤᠭ ᠤᠨ ᠶᠡᠭᠡ ᠬᠡᠮᠵᠢᠶ᠎ᠡ ᠪᠠᠷ ᠣᠯᠠᠨ ᠲᠦᠮᠡᠨ ᠤ ᠭᠡᠷᠡᠴᠢ ᠦᠨᠡᠮᠯᠡᠯ ᠭᠦᠢᠴᠡᠳᠬᠡᠬᠦ ᠳᠤ ᠳᠥᠭᠦᠮ ᠦᠵᠡᠭᠦᠯᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃
20240510113924.jpg
     5 ᠰᠠᠷ᠎ᠠ ᠶᠢᠨ 6 ᠤ ᠡᠳᠦᠷ᠂ ᠦᠢᠯᠡᠴᠢᠯᠡᠭᠡᠨ ᠤ ᠴᠣᠩᠬᠤᠪᠴᠢ ᠳᠤ ᠲᠤᠬᠠᠢᠯᠠᠭᠰᠠᠨ ᠠᠵᠢᠯ ᠤᠨ ᠦᠨᠡᠮᠯᠡᠯ ᠬᠦᠢᠴᠡᠳᠬᠡᠭᠰᠡᠨ ᠬᠦᠮᠦᠨ ᠤ ᠲᠤᠭ᠎ᠠ ᠲᠤᠰ ᠲᠤᠰ᠂ ᠡᠷᠦᠬᠡ ᠠᠮᠠ ᠶᠢᠨ  ᠳᠠᠩᠰᠠ ᠶᠢᠨ ᠲᠤᠬᠠᠢᠯᠠᠭᠰᠠᠨ ᠠᠵᠢᠯ 19 ᠬᠦᠮᠦᠨ᠂ ᠪᠡᠶ᠎ᠡ ᠶᠢᠨ ᠦᠨᠡᠮᠯᠡᠯ ᠤᠨ ᠲᠤᠬᠠᠢᠯᠠᠭᠰᠠᠨ ᠠᠵᠢᠯ 21 ᠬᠥᠮᠦᠨ᠂ ᠣᠷᠣᠰᠢᠨ ᠰᠠᠭᠤᠬᠤ ᠦᠨᠡᠮᠯᠡᠯ ᠤᠨ ᠲᠤᠬᠠᠢᠯᠠᠭᠰᠠᠨ ᠠᠵᠢᠯ 11 ᠬᠥᠮᠦᠨ᠂ ᠲᠦᠷ ᠴᠠᠭ ᠤᠨ ᠪᠡᠶ᠎ᠡ ᠶᠢᠨ ᠦᠨᠡᠮᠯᠡᠯ ᠤᠨ ᠲᠤᠬᠠᠢᠯᠠᠭᠰᠠᠨ ᠠᠵᠢᠯ 7 ᠬᠥᠮᠦᠨ᠂ ᠣᠯᠠᠨ ᠲᠦᠮᠡᠨ ᠤ ᠠᠰᠠᠭᠤᠯᠲᠠ ᠶᠢ ᠬᠠᠷᠢᠭᠤᠯᠤᠭᠰᠠᠨ ᠳᠤᠬᠠᠶᠢᠯᠠᠭᠰᠠᠨ ᠠᠵᠢᠯ 10 ᠭᠠᠷᠤᠢ ᠬᠥᠮᠦᠨ ᠤᠳᠠᠭ᠎ᠠ ᠪᠠᠶᠢᠵᠤ᠂ ᠣᠯᠠᠨ ᠲᠦᠮᠡᠨ ᠢ ᠬᠦᠯᠢᠶᠡᠨ ᠠᠪᠤᠭᠰᠠᠨ ᠲᠤᠭ᠎ᠠ 70 ᠭᠠᠷᠤᠢ ᠬᠥᠮᠦᠨ ᠤᠳᠠᠭ᠎ᠠ ᠳᠤ ᠬᠦᠷᠴᠦ᠂ ᠰᠠᠶᠢᠨ ᠰᠠᠶᠢᠬᠠᠨ ᠦᠢᠯᠡᠴᠢᠯᠡᠭᠡᠨ ᠤ ᠠᠷᠭ᠎ᠠ ᠬᠡᠮᠵᠢᠶ᠎ᠡ ᠪᠠ ᠳᠣᠲᠣᠨᠣ ᠪᠠᠷ ᠦᠢᠯᠡᠴᠢᠯᠡᠬᠦ ᠣᠪᠣᠷ ᠨᠢ ᠣᠯᠠᠨ ᠲᠦᠮᠡᠨ ᠤ ᠲᠠᠭᠠᠰᠢᠶᠠᠯ ᠶᠢ ᠣᠯᠵᠤ᠂ ᠣᠯᠠᠨ ᠲᠦᠮᠡᠨ ᠳᠤ ᠠᠷᠠᠳ ᠲᠦᠮᠡᠨ ᠤ ᠲᠥᠯᠦᠭᠡ ᠵᠢᠳᠬᠦᠬᠦ ᠳᠣᠲᠣᠭᠠᠳᠤ ᠶᠢ ᠬᠠᠮᠠᠭᠠᠯᠠᠬᠤ ᠠᠵᠢᠯ ᠤᠨ ᠰᠠᠶᠢᠨ ᠰᠠᠶᠢᠬᠠᠨ ᠳᠦᠷᠢ ᠲᠥᠷᠬᠦ ᠶᠢ ᠦᠵᠡᠭᠦᠯᠦᠭᠰᠡᠨ ᠪᠠᠶᠢᠨ᠎ᠠ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ