ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠳᠡᠭᠡᠳᠦ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠳᠤ ᠦᠢᠯᠡᠴᠢᠯᠡᠪᠡ
ᠨᠡᠶᠢᠲᠡᠯᠡᠭᠰᠡᠨ ᠴᠠᠭ᠄
2024/7/10
      6 ᠰᠠᠷ᠎ᠠ ᠶᠢᠨ 7 ᠤ ᠡᠳᠦᠷ᠂ ᠳᠡᠭᠡᠳᠦ  ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠡᠬᠢᠯᠡᠵᠦ᠂ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠡᠭᠡᠳᠦ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠶᠢ ᠪᠥᠬᠦ ᠲᠠᠯ᠎ᠠ ᠪᠠᠷ ᠬᠠᠮᠠᠭᠠᠯᠠᠬᠤ ᠵᠠᠭᠪᠤᠷ ᠢ ᠡᠬᠢᠯᠡᠭᠦᠯᠪᠡ᠃ ᠪᠥᠬᠦ ᠬᠤᠲᠠ ᠶᠢᠨ ᠰᠢᠯᠭᠠᠭᠤᠯᠤᠭᠴᠢᠳ ᠤᠨ ᠰᠢᠯᠭᠠᠯᠲᠠ ᠳᠤ ᠤᠷᠤᠭᠰᠢᠲᠠᠶ ᠣᠷᠣᠯᠴᠠᠬᠤ ᠶᠢ ᠪᠠᠲᠤᠯᠠᠬᠤ ᠶᠢᠨ ᠲᠥᠯᠥᠭᠡ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠨᠠᠷᠢᠨ ᠨᠢᠮᠪᠠᠶ ᠲᠥᠯᠥᠪᠯᠡᠨ ᠪᠠᠶᠢᠷᠢᠯᠠᠭᠤᠯᠵᠤ᠂ ᠠᠯᠢ ᠣᠯᠠᠨ ᠪᠦᠲᠦᠮᠵᠢᠲᠡᠶ ᠠᠵᠢᠯ ᠤᠨ ᠠᠷᠭ᠎ᠠ ᠬᠡᠮᠵᠢᠶ᠎ᠡ ᠠᠪᠴᠤ᠂ ᠰᠤᠷᠤᠭᠴᠢᠳ ᠤᠨ ︽ᠬᠦᠰᠡᠯ ᠵᠡᠭᠦᠳᠦ ᠪᠠᠨ ᠲᠡᠷᠭᠡᠯᠰᠢᠭᠦᠯᠬᠦ ᠵᠠᠮ︾ ᠳᠤ ᠪᠠᠲᠤ ᠪᠠᠬᠢ ᠪᠠᠲᠤᠯᠠᠭ᠎ᠠ ᠬᠠᠩᠭᠠᠪᠠ᠃ ︽985︾ ︽211︾  ᠴᠠᠭᠳᠠᠭᠠᠨ ᠤ ᠨᠣᠮᠧᠷ᠂ ᠲᠡᠷᠭᠡᠨ ᠨᠣᠮᠧᠷ ᠲᠠᠢ ᠴᠠᠭᠳᠠᠭ᠎ᠠ᠂ ᠴᠠᠭᠳᠠᠭᠠᠨ ᠤ ᠲᠡᠷᠭᠡ ᠲᠠᠯᠠᠪᠤᠷ ᠲᠤ ᠣᠷᠣᠬᠤ ᠵᠠᠮ ᠢᠶᠠᠷ ᠰᠢᠯᠭᠠᠭᠤᠯᠤᠭᠴᠢ ᠶᠢ ᠤᠭᠲᠤᠨ ᠬᠦᠷᠭᠡᠵᠦ᠂ ᠲᠡᠳᠡᠨ ᠤ ︽985︾ ︽211︾ ᠶᠡᠭᠡ ᠰᠤᠷᠭᠠᠭᠤᠯᠢ ᠳᠤ ᠰᠢᠯᠭᠠᠨ ᠣᠷᠣᠬᠤ ᠨᠢᠭᠡ ᠬᠤᠪᠢ ᠣᠨᠴᠠᠭᠠᠶ ᠢᠷᠥᠭᠡᠯ ᠳᠡᠪᠰᠢᠭᠦᠯᠵᠡᠶ᠃
微信图片_20240607132813.jpg
     ᠰᠢᠯᠭᠠᠭᠤᠯᠤᠭᠴᠢ ᠶᠢᠨ ᠰᠢᠯᠭᠠᠯᠲᠠ ᠶᠢᠨ ᠲᠠᠯᠠᠪᠤᠷ ᠲᠤ ᠤᠷᠤᠭᠰᠢᠲᠠᠶ ᠬᠦᠷᠬᠦ ᠶᠢ ᠪᠠᠲᠤᠯᠠᠬᠤ ᠶᠢᠨ ᠲᠥᠯᠥᠭᠡ᠂ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠢᠨ ᠰᠢᠯᠭᠠᠭᠤᠯᠤᠭᠴᠢ ᠳᠤ ᠦᠢᠯᠡᠴᠢᠯᠡᠬᠦ ᠠᠶᠠᠨᠴᠢᠳ ᠤᠨ ᠲᠡᠭᠡᠭᠡᠪᠦᠷᠢ ᠶᠢᠨ ᠲᠡᠷᠭᠡ ᠪᠣᠯᠤᠨ ᠰᠣᠷᠣᠭᠴᠢ ᠶᠢ ᠲᠤᠰᠴᠤ ᠬᠦᠷᠭᠡᠬᠦ ᠲᠡᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠪᠠ᠃ ᠰᠢᠯᠭᠠᠯᠲᠠ ᠠᠴᠠ ᠡᠮᠦᠨ᠎ᠡ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠰᠤᠷᠭᠠᠨ ᠬᠥᠮᠦᠵᠢᠯ᠂ ᠲᠡᠭᠡᠭᠡᠪᠦᠷᠢ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠲᠠᠢ ᠬᠠᠮᠲᠤᠷᠠᠨ ᠰᠢᠯᠭᠠᠭᠤᠯᠤᠭᠴᠢ ᠳᠤ ᠦᠢᠯᠡᠴᠢᠯᠡᠬᠦ ᠲᠡᠷᠭᠡ ᠵᠢᠴᠢ ᠵᠢᠯᠣᠭᠤᠴᠢ ᠳᠤ ᠠᠮᠤᠷ ᠲᠦᠪᠰᠢᠨ ᠤ ᠴᠢᠳᠠᠮᠵᠢ᠂ ᠬᠢᠷᠢ ᠬᠡᠮ ᠤᠨ ᠴᠢᠩᠭ᠎ᠠ ᠪᠠᠶᠢᠴᠠᠭᠠᠯᠲᠠ ᠬᠢᠵᠦ᠂ ᠲᠡᠷᠭᠡᠨ ᠤ ᠠᠶᠠᠯᠠᠯ ᠤᠨ ᠠᠮᠤᠷ ᠲᠦᠪᠰᠢᠨ ᠢ ᠦᠨᠡᠨ ᠬᠦ ᠪᠠᠳᠤᠯᠠᠪᠠ᠃ ᠰᠢᠯᠭᠠᠯᠲᠠ ᠶᠢᠨ ᠬᠤᠭᠤᠴᠠᠭᠠᠨ ᠳᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠪᠠᠰᠠ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠵᠠᠮ ᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠲᠡᠷᠭᠡᠨ ᠤ ᠤᠷᠤᠰᠴᠠ ᠶᠢ ᠴᠢᠩᠭ᠎ᠠ ᠬᠢᠵᠠᠭᠠᠷᠯᠠᠵᠤ᠂ ᠵᠠᠮ ᠤᠨ ᠨᠡᠪᠲᠡᠷᠡᠯᠭᠡ ᠶᠢᠨ ᠴᠢᠳᠠᠪᠤᠷᠢ ᠶᠢ ᠳᠡᠭᠡᠭᠰᠢᠯᠡᠭᠦᠯᠪᠡ᠃ ᠡᠭᠦᠨ ᠤ ᠵᠡᠷᠭᠡ ᠳᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠪᠠᠰᠠ ᠰᠠᠭᠠᠳ ᠦᠭᠡᠶ ᠨᠡᠪᠲᠡᠷᠡᠬᠦ ᠵᠠᠮ ᠭᠠᠷᠭᠠᠵᠤ᠂ ᠰᠢᠯᠭᠠᠭᠤᠯᠤᠭᠴᠢᠳ ᠢ ᠬᠦᠷᠭᠡᠵᠦ ᠬᠠᠮᠠᠭᠠᠯᠠᠬᠤ ᠠᠵᠢᠯᠯᠠᠭ᠎ᠠ ᠶᠢ ᠥᠷᠨᠢᠭᠦᠯᠵᠦ᠂ ᠰᠢᠯᠭᠠᠭᠤᠯᠤᠭᠴᠢ ᠳᠤ ᠪᠦᠬᠦ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠬᠠᠩᠭᠠᠪᠠ᠃
微信图片_20240607134640.jpg
     ᠡᠭᠦᠨ ᠠᠴᠠ ᠭᠠᠳᠠᠨ᠎ᠠ᠂ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠰᠠ ᠰᠢᠯᠭᠠᠭᠤᠯᠤᠭᠴᠢ ᠶᠢᠨ ᠭᠠᠷᠴᠤ ᠮᠡᠳᠡᠬᠦ ᠪᠡᠶ᠎ᠡ ᠶᠢᠨ ᠦᠨᠡᠮᠯᠡᠯ ᠤᠨ ᠬᠤᠭᠤᠴᠠᠭ᠎ᠠ ᠨᠢ ᠳᠠᠭᠤᠰᠬᠤ᠂ ᠡᠪᠳᠡᠷᠡᠵᠦ ᠰᠦᠢᠳᠬᠦ᠂ ᠭᠡᠭᠡᠭᠳᠡᠬᠦ ᠵᠡᠷᠭᠡ ᠠᠰᠠᠭᠤᠳᠠᠯ ᠳᠤ ᠴᠢᠭᠯᠡᠭᠦᠯᠦᠨ᠂ ᠳᠣᠲᠣᠭᠠᠳᠤ ᠶᠢ ᠬᠠᠮᠠᠭᠠᠯᠠᠬᠤ 14 ᠶᠡᠷᠦᠩᠬᠡᠶᠢᠯᠡᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠲᠦᠷ ᠴᠠᠭ ᠤᠨ ᠪᠡᠶ᠎ᠡ ᠶᠢᠨ ᠦᠨᠡᠮᠯᠡᠯ ᠤᠨ ︽ᠰᠠᠭᠠᠳ ᠥᠬᠡᠶ ᠭᠦᠢᠴᠡᠳᠬᠡᠬᠦ ᠵᠠᠮ︾ ᠢ ᠨᠡᠭᠡᠭᠡᠵᠦ᠂ ᠰᠢᠯᠭᠠᠭᠤᠯᠤᠭᠴᠢ ᠳᠤ ᠲᠦᠷᠭᠡᠨ ᠪᠥᠭᠡᠳ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠭᠰᠠᠨ ᠪᠠᠶᠢᠨ᠎ᠠ᠃ ᠡᠭᠦᠨ ᠤ ᠬᠠᠮᠲᠤ ᠰᠢᠯᠭᠠᠯᠲᠠ ᠶᠢᠨ ᠲᠠᠯᠠᠪᠤᠷ ᠤᠨ ᠡᠷᠬᠢᠨ ᠲᠣᠭᠤᠷᠢᠨ ᠳᠤ ᠠᠯᠪᠠᠨ ᠠᠵᠢᠯ ᠲᠣᠬᠢᠷᠠᠭᠤᠯᠵᠤ᠂ ᠰᠢᠯᠭᠠᠭᠤᠯᠤᠭᠴᠢ ᠪᠠ ᠬᠡᠷ ᠤᠨ ᠠᠬᠠᠮᠠᠳ ᠤᠨ ᠡᠯ᠎ᠡ ᠵᠦᠢᠯ ᠤᠨ ᠲᠤᠰᠠᠯᠠᠮᠵᠢ ᠭᠤᠶᠤᠴᠢᠯᠠᠬᠤ ᠠᠰᠠᠭᠤᠳᠠᠯ ᠢ ᠴᠠᠭ ᠲᠤᠬᠠᠶ ᠳᠤ ᠨᠢ ᠰᠢᠢᠳᠪᠦᠷᠢᠯᠡᠪᠡ᠃ 
ᠢᠷᠡᠯᠲᠡ᠄ ᠦᠬᠠᠢ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ