ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2024 ᠣᠨ ᠤ ᠪᠡᠶ᠎ᠡ ᠶᠢᠨ ᠲᠠᠮᠢᠷ ᠤᠨ ᠪᠠᠷᠢᠮᠵᠢᠶ᠎ᠠ ᠳᠤ ᠬᠥᠷᠬᠦ ᠰᠢᠯᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/7/10
     6 ᠰᠠᠷ᠎ᠠ ᠶᠢᠨ 5 ᠤ ᠡᠳᠦᠷ᠂ ᠪᠥᠬᠦ ᠴᠠᠭᠳᠠᠭ᠎ᠠ ᠶᠢᠨ ᠪᠣᠳᠠᠲᠤ ᠪᠠᠶᠢᠯᠳᠤᠭᠠᠨ ᠤ ᠶᠡᠭᠡ ᠪᠣᠯᠪᠠᠰᠤᠷᠠᠯ ᠢ ᠭᠦᠨᠵᠡᠭᠡᠶ ᠠᠬᠢᠭᠤᠯᠬᠤ᠂ ᠪᠥᠬᠦ ᠴᠠᠭᠳᠠᠭ᠎ᠠ ᠶᠢᠨ ᠪᠡᠶ᠎ᠡ ᠶᠢᠨ ᠴᠢᠳᠠᠪᠤᠷᠢ ᠶᠢᠨ ᠬᠡᠪ ᠴᠢᠨᠠᠷ ᠪᠠ ᠴᠠᠭᠳᠠᠭᠠᠨ ᠤ ᠶᠠᠪᠤᠳᠠᠯ ᠤᠨ ᠪᠣᠳᠠᠲᠤ ᠪᠠᠶᠢᠯᠳᠤᠭᠠᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ᠂ ᠣᠳᠣᠬᠠᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠪᠠᠶᠢᠳᠠᠯ ᠪᠠ ᠡᠭᠦᠷᠭᠡ ᠶᠢᠨ ᠬᠡᠷᠡᠭᠴᠡᠭᠡ ᠳᠤ ᠨᠠᠩ ᠰᠠᠶᠢᠲᠤᠷ ᠵᠣᠬᠢᠴᠠᠭᠤᠯᠬᠤ ᠶᠢᠨ ᠲᠥᠯᠥᠭᠡ᠂ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2024 ᠣᠨ ᠤ ᠪᠡᠶ᠎ᠡ ᠶᠢᠨ ᠴᠢᠳᠠᠪᠤᠷᠢ ᠶᠢᠨ ᠪᠠᠷᠢᠮᠵᠢᠶ᠎ᠠ ᠳᠤ ᠬᠥᠷᠬᠦ  ᠰᠢᠯᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠲᠣᠰ ᠤᠳᠠᠭᠠᠨ ᠤ ᠰᠢᠯᠭᠠᠯᠲᠠ ᠳᠤ ᠣᠷᠣᠯᠴᠠᠪᠠ᠃
微信图片_20240606165844.jpg
     ᠲᠣᠰ ᠤᠳᠠᠭᠠᠨ ᠤ ᠰᠢᠯᠭᠠᠯᠲᠠ ᠳᠤ ︽ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠭᠠᠷ ᠳᠡᠪᠲᠡᠷ︾ ︽ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 2024 ᠣᠨ ᠤ ᠪᠡᠶ᠎ᠡ ᠶᠢᠨ ᠲᠠᠮᠢᠷ ᠤᠨ ᠪᠠᠷᠢᠮᠵᠢᠶ᠎ᠠ ᠳᠤ ᠬᠦᠷᠭᠡᠬᠦ ᠰᠢᠯᠭᠠᠯᠲᠠ ᠶᠢᠨ ᠠᠵᠢᠯ ᠤᠨ ᠲᠥᠰᠦᠯ︾ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠳᠠᠯᠢ ᠪᠤᠰᠤ ᠨᠠᠰᠤᠨ ᠤ ᠱᠠᠲᠤ ᠪᠠ ᠬᠦᠢᠰᠦ ᠶᠢᠨ ᠢᠯᠭᠠᠯ ᠢ ᠦᠨᠳᠦᠰᠦᠯᠡᠨ ᠳᠤᠭᠤᠶᠢᠯᠠᠩ ᠬᠤᠪᠢᠶᠠᠨ ᠬᠢᠨᠠᠨ ᠰᠢᠯᠭᠠᠪᠠ᠃ ᠡᠭᠦᠨ ᠳᠤ 4 × 10 ᠮᠧᠲᠷ ᠤᠨ ᠡᠭᠡᠵᠦ ᠭᠦᠶᠦᠬᠦ᠂ ᠡᠯᠢᠭᠡᠳᠡᠭᠡ ᠲᠤᠯᠤᠯᠲᠠ᠂ ᠲᠠᠩᠭᠠᠶᠢᠵᠤ ᠪᠣᠰᠬ᠊᠂ 1000 ᠮᠧᠲᠷ᠂ 800 ᠮᠧᠲᠷ᠂ ᠢᠳᠡᠷᠡᠭᠦᠨ ᠠᠯᠬᠤᠬᠤ ᠵᠡᠷᠭᠡ ᠲᠥᠷᠥᠯ ᠵᠥᠢᠯ ᠪᠠᠭᠲᠠᠨ᠎ᠠ᠃ ᠰᠢᠯᠭᠠᠯᠲᠠ ᠠᠴᠠ ᠡᠮᠦᠨ᠎ᠡ᠂ ᠬᠢᠨᠠᠭᠴᠢ ᠪᠡᠶ᠎ᠡ ᠶᠢᠨ ᠲᠠᠮᠢᠷ ᠤᠨ ᠰᠢᠯᠭᠠᠯᠲᠠ ᠶᠢᠨ ᠲᠦᠷᠢᠮ᠂ ᠶᠠᠪᠤᠴᠠ᠂ ᠠᠩᠬᠠᠷᠬᠤ ᠵᠦᠢᠯᠡᠰ ᠤᠨ ᠲᠤᠬᠠᠶ ᠨᠠᠷᠢᠨ ᠬᠢᠨᠠᠮᠠᠭᠠᠶ ᠴᠢᠬᠤᠯᠠᠴᠢᠯᠠᠵᠤ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠰᠢᠯᠭᠠᠯᠲᠠ ᠶᠢᠨ ᠵᠦᠢᠯᠡᠰ ᠤᠨ ᠪᠠᠷᠢᠮᠵᠢᠶ᠎ᠠ ᠪᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠮᠤᠭ ᠤᠨ ᠰᠠᠶᠢᠨ ᠪᠠᠶᠢᠳᠠᠯ ᠢᠶᠠᠷ ᠬᠠᠮᠤᠭ ᠤᠨ ᠥᠨᠳᠥᠷ ᠬᠢᠷᠢ ᠪᠦᠲᠦᠮᠵᠢ ᠣᠯᠬᠤ ᠶᠢ ᠦᠨᠡᠨ ᠬᠦ ᠪᠠᠲᠤᠯᠠᠪᠠ᠃ ᠰᠢᠯᠭᠠᠯᠲᠠ ᠶᠢᠨ ᠳᠤᠮᠳᠠ᠂ ᠪᠥᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠢᠳᠡᠪᠬᠢᠲᠡᠶ ᠪᠠᠷ ᠳᠠᠭᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠ ᠲᠡᠮᠡᠴᠡᠯ ᠤᠨ ᠵᠣᠷᠢᠭ ᠢᠶᠠᠷ ᠪᠡᠶ᠎ᠡ ᠶᠢᠨ ᠲᠠᠮᠢᠷ ᠤᠨ ᠪᠠᠷᠢᠮᠵᠢᠶ᠎ᠠ ᠳᠤ ᠬᠥᠷᠬᠦ ᠰᠢᠯᠭᠠᠯᠲᠠ ᠳᠤ ᠣᠷᠣᠯᠴᠠᠵᠤ᠂ ᠡᠯ᠎ᠡ ᠬᠤᠪᠢᠶᠠᠷᠢ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠵᠡᠷᠭᠡ ᠨᠢᠭᠡᠴᠢ ᠰᠠᠯᠠᠭ᠎ᠠ ᠮᠥᠴᠢᠷ ᠤᠳ ᠪᠡᠶ᠎ᠡ ᠶᠢᠨ ᠲᠠᠮᠢᠷ ᠤᠨ ᠪᠠᠷᠢᠮᠵᠢᠶ᠎ᠠ ᠳᠤ ᠬᠥᠷᠬᠦ ᠰᠢᠯᠭᠠᠯᠲᠠ ᠶᠢ ᠵᠡᠷᠭᠡ ᠪᠠᠷ ᠵᠣᠬᠢᠶᠠᠨ ᠪᠠᠶᠢᠭᠤᠯᠵᠤ ᠥᠷᠨᠢᠭᠦᠯᠪᠡ᠃
微信图片_20240606165923.png
     ᠲᠠᠷᠠᠭᠠᠴᠢ ᠶᠢᠨ ᠠᠯᠬᠤᠮ ᠳᠤ᠂ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠪᠡᠶ᠎ᠡ ᠶᠢᠨ ᠲᠠᠮᠢᠷ ᠤᠨ ᠰᠢᠯᠭᠠᠯᠲᠠ ᠶᠢᠨ ᠲᠤᠭ᠎ᠠ ᠪᠠᠷᠢᠮᠲᠠ ᠶᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠪᠣᠯᠪᠠᠰᠤᠷᠠᠯ ᠤᠨ ᠠᠷᠭ᠎ᠠ ᠮᠠᠶ᠋ᠢᠭ ᠢ ᠬᠠᠨᠳᠤᠯᠭᠠᠲᠤ ᠴᠢᠨᠠᠷᠲᠠᠶ ᠪᠠᠷ ᠥᠷᠭᠡᠳᠬᠡᠨ᠂ ᠪᠣᠯᠪᠠᠰᠤᠷᠠᠯ ᠤᠨ ᠵᠠᠭᠪᠤᠷ ᠲᠤ ᠢᠳᠡᠪᠬᠢᠲᠡᠶ ᠪᠠᠷ ᠰᠢᠨ᠎ᠡ ᠶᠢ ᠡᠭᠦᠳᠴᠦ᠂ ᠪᠥᠬᠦ ᠴᠠᠭᠳᠠᠭ᠎ᠠ ᠶᠢᠨ ᠬᠥᠮᠦᠵᠢᠯ ᠪᠣᠯᠪᠠᠰᠤᠷᠠᠯ ᠤᠨ ᠠᠵᠢᠯ ᠢ ᠴᠢᠩᠭ᠎ᠠ ᠪᠣᠳᠠᠲᠠᠶ ᠠᠳᠬᠤᠨ᠎ᠠ᠃ 
ᠢᠷᠡᠯᠲᠡ᠄ ᠦᠬᠠᠢ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ