ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠳᠠᠭᠠᠨ ᠤ ᠡᠳ᠋ ᠪᠣᠳᠠᠰ ᠤᠨ ᠲᠣᠬᠢᠷᠠᠭᠤᠯᠤᠯᠲᠠ ᠶᠢᠨ ᠲᠥᠪ ᠤᠨ ᠫᠠᠶᠢᠰᠠ ᠡᠯᠭᠦᠬᠦ ᠵᠢᠴᠢ 2024 ᠣᠨ ᠤ ᠴᠠᠭᠳᠠᠭᠠᠨ ᠤ ᠬᠤᠪᠴᠠᠰᠤ ᠲᠤᠨᠤᠭᠯᠠᠯ ᠲᠦᠭᠡᠭᠡᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/7/10
     6 ᠰᠠᠷ᠎ᠠ ᠶᠢᠨ 7 ᠤ ᠡᠳᠦᠷ᠂ ᠳᠣᠲᠣᠭᠠᠳᠤ ᠶᠢ ᠬᠠᠮᠠᠭᠠᠯᠠᠬᠤ ᠶᠠᠮᠤᠨ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠴᠠᠭᠳᠠᠭ᠎ᠠ ᠶᠢ ᠬᠠᠯᠠᠮᠵᠢᠯᠠᠬᠤ ᠴᠠᠭᠳᠠᠭ᠎ᠠ ᠳᠤ ᠠᠰᠢᠭ ᠬᠦᠷᠲᠡᠭᠡᠬᠦ ᠱᠠᠭᠠᠷᠳᠠᠯᠭ᠎ᠠ ᠶᠢ ᠴᠢᠨᠠᠭᠰᠢᠳᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠴᠠᠭᠳᠠᠭᠠᠨ ᠤ ᠬᠤᠪᠴᠠᠰᠤ ᠲᠣᠨᠣᠭᠯᠠᠯ ᠤᠨ ᠬᠠᠮᠢᠶᠠᠷᠤᠯᠲᠠ ᠶᠢᠨ ᠠᠵᠢᠯ ᠤᠨ ᠦᠢᠯᠡᠴᠢᠯᠡᠭᠡᠨ ᠤ ᠤᠳᠤᠷᠢᠳᠤᠮᠵᠢ ᠶᠢ ᠳᠣᠪᠣᠶᠢᠯᠭᠠᠬᠤ ᠶᠢᠨ ᠲᠥᠯᠥᠭᠡ᠂ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠳᠠᠭᠠᠨ ᠤ ᠡᠳ᠋ ᠪᠣᠳᠠᠰ ᠤᠨ ᠲᠣᠬᠢᠷᠠᠭᠤᠯᠤᠯᠲᠠ ᠶᠢᠨ ᠲᠥᠪ ᠤᠨ ᠫᠠᠶᠢᠰᠠ ᠡᠯᠭᠦᠬᠦ ᠵᠢᠴᠢ 2024 ᠣᠨ ᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠬᠤᠪᠴᠠᠰᠤ ᠲᠣᠨᠣᠭᠯᠠᠯ ᠲᠦᠭᠡᠭᠡᠬᠦ ᠶᠣᠰᠣᠯᠠᠯ ᠶᠠᠪᠤᠭᠳᠠᠭᠤᠯᠵᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠳᠠᠷᠤᠭ᠎ᠠ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠲᠣᠭᠤᠷᠢᠭ ᠬᠤᠶᠠᠷ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠨᠢᠭᠡᠴᠢ ᠶᠢᠨ ᠤᠳᠤᠷᠢᠳᠤᠯᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠡᠯ᠎ᠡ ᠬᠤᠪᠢᠶᠠᠷᠢ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ᠂ ᠬᠤᠲᠠ ᠶᠢᠨ ᠲᠣᠪᠴᠢᠶᠠᠨ ᠤ ᠡᠯ᠎ᠡ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠵᠢᠴᠢ ᠠᠷᠠᠳ ᠤᠨ ᠴᠠᠭᠳᠠᠭ᠎ᠠ  ᠬᠠᠪᠰᠤᠷᠤᠭᠴᠢ ᠴᠠᠭᠳᠠᠭ᠎ᠠ ᠶᠢᠨ ᠲᠥᠯᠥᠭᠡᠯᠡᠭᠴᠢ 50 ᠭᠠᠷᠤᠶ ᠬᠥᠮᠦᠨ ᠲᠤᠰ ᠤᠳᠠᠭᠠᠨ ᠤ ᠶᠣᠰᠣᠯᠠᠯ ᠳᠤ ᠣᠷᠣᠯᠴᠠᠵᠠᠶ᠃
微信图片_20240625180641.jpg
     ᠲᠣᠰ ᠤᠳᠠᠭ᠎ᠠ ᠫᠠᠶᠢᠰᠠ ᠡᠯᠭᠦᠭᠰᠡᠨ ᠪᠥᠭᠡᠳ ᠠᠰᠢᠭᠯᠠᠯᠲᠠ ᠳᠤ ᠣᠷᠣᠭᠤᠯᠤᠭᠰᠠᠨ ᠴᠠᠭᠳᠠᠭᠠᠨ ᠤ ᠡᠳ᠋ ᠪᠣᠳᠠᠰ ᠤᠨ ᠲᠣᠬᠢᠷᠠᠭᠤᠯᠤᠯᠲᠠ ᠶᠢᠨ ᠲᠥᠪ ᠨᠢ ᠪᠥᠬᠦ ᠬᠤᠲᠠ ᠶᠢᠨ ᠴᠠᠭᠳᠠᠭᠠᠨ ᠤ ᠡᠳ᠋ ᠪᠣᠳᠠᠰ ᠢ ᠲᠥᠪᠯᠡᠷᠡᠭᠦᠯᠦᠨ ᠬᠤᠳᠠᠯᠳᠤᠨ ᠠᠪᠬᠤ ᠪᠠ ᠵᠣᠬᠢᠰᠲᠠᠶ ᠲᠣᠬᠢᠷᠠᠭᠤᠯᠬᠤ ᠶᠢ ᠪᠦᠲᠦᠮᠵᠢᠲᠡᠶ ᠪᠠᠲᠤᠯᠠᠵᠤ᠂ ᠪᠥᠬᠦ ᠬᠤᠲᠠ ᠶᠢᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠴᠠᠭᠳᠠᠭᠠᠨ ᠤ ᠡᠳ᠋ ᠪᠣᠳᠠᠰ ᠤᠨ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠭᠰᠠᠨ ᠪᠥᠭᠡᠳ ᠪᠠᠴᠢᠮ ᠪᠠᠶᠢᠳᠠᠯ ᠢ ᠠᠷᠭᠠᠴᠠᠬᠤ ᠬᠡᠰᠡᠭ ᠡᠳ᠋ ᠪᠣᠳᠠᠰ ᠢ ᠪᠠᠴᠢᠮ ᠰᠢᠯᠵᠢᠭᠦᠯᠦᠨ ᠬᠡᠷᠡᠭᠯᠡᠬᠦ ᠵᠢᠴᠢ ᠡᠷᠭᠢᠯᠲᠡ ᠳᠤ ᠦᠢᠯᠡᠴᠢᠯᠡᠭᠡ ᠬᠠᠩᠭᠠᠭᠰᠠᠨ ᠪᠠᠶᠢᠨ᠎ᠠ᠃ ᠡᠭᠦᠨ ᠤ ᠵᠡᠷᠭᠡ ᠳᠤ᠂ ᠴᠠᠭᠳᠠᠭᠠᠨ ᠤ ᠡᠳ᠋ ᠪᠣᠳᠠᠰ ᠢ ᠬᠤᠳᠠᠯᠳᠤᠨ ᠠᠪᠬᠤ᠂ ᠰᠢᠨᠡᠳᠬᠡᠬᠦ ᠪᠠ ᠲᠣᠬᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠣᠳᠠᠲᠤ ᠳᠠᠶᠢᠨ ᠤ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠵᠤ᠂ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠳᠠᠶᠢᠴᠢᠨ ᠬᠦᠴᠦᠨ ᠢ ᠳᠡᠭᠡᠭᠰᠢᠯᠡᠭᠦᠯᠬᠦ ᠳᠤ ᠢᠳᠡᠪᠬᠢᠲᠡᠶ ᠦᠢᠯᠡᠳᠦᠯ ᠭᠠᠷᠭᠠᠬᠤ ᠪᠣᠯᠤᠨ᠎ᠠ᠃
微信图片_20240625180657.jpg
     ᠶᠣᠰᠣᠯᠠᠯ ᠳᠤ ᠣᠷᠣᠯᠴᠠᠭᠰᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠲᠥᠯᠥᠭᠡᠯᠡᠭᠴᠢ ᠠᠴᠠ᠂ ᠲᠣᠰ ᠤᠳᠠᠭᠠᠨ ᠤ ᠲᠠᠷᠬᠠᠭᠠᠯᠲᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠯᠠᠮ ᠨᠢᠭᠡ ᠠᠯᠬᠤᠮ ᠴᠤᠭ ᠰᠦᠯᠳᠡ ᠪᠠᠨ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠠᠵᠢᠯᠯᠠᠵᠤ᠂ ᠪᠣᠳᠠᠲᠤ ᠲᠡᠶᠢᠨ ᠤ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠵᠡᠪᠰᠡᠭ ᠲᠣᠨᠣᠭᠯᠠᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠳᠣᠲᠣᠭᠠᠳᠤ ᠶᠢ ᠬᠠᠮᠠᠭᠠᠯᠠᠬᠤ ᠡᠯ᠎ᠡ  ᠵᠦᠢᠯ ᠤᠨ ᠠᠵᠢᠯ ᠳᠤ ᠪᠥᠬᠦ ᠬᠦᠴᠦᠨ ᠢᠶᠠᠷ ᠢᠶᠠᠨ ᠣᠷᠣᠯᠴᠠᠬᠤ ᠬᠡᠷᠡᠭᠲᠡᠶ ᠭᠡᠵᠡᠶ ᠢᠯᠡᠷᠬᠡᠶᠢᠯᠡᠵᠡᠭᠡᠪᠡ᠃ 
ᠢᠷᠡᠯᠲᠡ᠄ ᠦᠬᠠᠢ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ