ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠯᠠᠨ ᠤᠯᠤᠰ ᠤᠨ ᠬᠤᠤᠷ ᠴᠠᠭᠠᠵᠠᠯᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠵᠢᠴᠢ ᠪᠥᠬᠦ ᠬᠤᠲᠠ ᠶᠢᠨ ᠵᠠᠯᠠᠭᠤᠴᠤᠳ ᠪᠠᠭᠠᠴᠤᠳ ᠤᠨ ᠬᠤᠤᠷ ᠴᠠᠭᠠᠵᠠᠯᠠᠬᠤ ᠤᠷᠠᠨ ᠪᠢᠴᠢᠯᠭᠡ ᠶᠢᠨ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/7/11
      6 ᠰᠠᠷ᠎ᠠ ᠶᠢᠨ 23 ᠤ ᠡᠳᠦᠷ᠂ 37 ᠳ᠋ᠤᠭᠠᠷ ᠳᠡᠯᠡᠬᠡᠶ ᠶᠢᠨ ᠬᠤᠣᠷ ᠴᠠᠭᠠᠵᠠᠯᠠᠬᠤ ᠡᠳᠦᠷ ᠬᠦᠷᠴᠦ ᠢᠷᠡᠬᠦ ᠲᠠᠰᠢᠷᠠᠮ ᠳᠤ᠂ ᠦᠬᠠᠶ ᠬᠤᠲᠠ ᠶᠢᠨ ᠬᠤᠣᠷ ᠴᠠᠭᠠᠵᠠᠯᠠᠬᠤ ᠠᠵᠢᠯ ᠤᠨ ᠠᠯᠪᠠᠨ ᠭᠡᠷ᠂ ᠦᠬᠠᠶ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠦᠬᠠᠢ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠦᠬᠠᠢ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠦᠬᠠᠢ ᠬᠤᠳᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠮᠲᠤᠷᠠᠨ ᠡᠷᠬᠢᠯᠡᠭᠰᠡᠡ ︽ᠵᠠᠯᠠᠭᠤᠴᠤᠳ ᠪᠠᠭᠠᠴᠤᠳ ᠤᠨ ᠡᠮ ᠤᠨ ᠵᠦᠢᠯᠡᠰ ᠢ ᠳᠤᠷ᠎ᠠ ᠪᠠᠷ ᠬᠡᠷᠡᠭᠯᠡᠬᠦ ᠶᠢ ᠰᠡᠷᠭᠡᠶᠢᠯᠡᠵᠦ᠂ ᠰᠢᠨ᠎ᠡ ᠴᠠᠭ ᠦᠶ᠎ᠡ ᠶᠢᠨ ᠬᠤᠣᠷ ᠦᠭᠡᠢ ᠦᠬᠠᠢ ᠶᠢ ᠬᠠᠮᠲᠤᠪᠠᠷ ᠴᠣᠭᠴᠠᠯᠠᠶ᠎ᠠ︾ ᠭᠡᠬᠦ 2024 ᠣᠨ ᠤ ︽6.26︾ ᠤ ᠤᠯᠠᠨ ᠤᠯᠤᠰ ᠤᠨ ᠬᠤᠣᠷ ᠴᠠᠭᠠᠵᠠᠯᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠵᠢᠴᠢ ︽  ᠪᠡᠭᠡ ᠶᠢᠨ ᠠᠶᠠᠯᠭᠤ᠂ ᠬᠤᠣᠷ ᠦᠭᠡᠢ ᠵᠠᠯᠠᠭᠤ ᠨᠠᠰᠤ︾ ᠭᠡᠬᠦ ᠪᠦᠬᠦ ᠬᠤᠳᠠ ᠶᠢᠨ ᠵᠠᠯᠠᠭᠤᠴᠤᠳ ᠪᠠᠭᠠᠴᠤᠳ ᠤᠨ ᠬᠤᠣᠷ ᠴᠠᠭᠠᠵᠠᠯᠠᠬᠤ ᠤᠷᠠᠨ ᠪᠢᠴᠢᠯᠭᠡ ᠶᠢᠨ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ ᠬᠤᠳᠠ ᠶᠢᠨ ᠠᠷᠠᠳ ᠤᠨ ᠴᠡᠴᠡᠷᠯᠢᠭ ᠲᠤ ᠦᠪᠡᠳᠡᠭᠰᠢ ᠶᠡᠬᠡᠪᠡᠷ ᠶᠠᠪᠤᠭᠳᠠᠪᠠ᠃
微信图片_20240624090007.jpg
     ᠲᠥᠪ ᠶᠡᠬᠡᠮᠰᠦᠭ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ︾ ᠶᠢᠨ ᠳᠤᠮᠳᠠ ᠠᠵᠢᠯᠯᠠᠭ᠎ᠠ ᠵᠢᠩᠬᠢᠨᠢ ᠪᠠᠷ ᠡᠬᠢᠯᠡᠪᠡ᠃ ᠱᠠᠩᠨᠠᠯ ᠣᠯᠭᠤᠬᠤ ᠶᠣᠰᠣᠯᠠᠯ ᠳᠡᠭᠡᠷ᠎ᠡ᠂ ᠡᠯ᠎ᠡ ᠤᠳᠤᠷᠢᠳᠤᠯᠭ᠎ᠠ ᠨᠠᠷ ᠱᠠᠩᠨᠠᠯ ᠣᠯᠤᠭᠰᠠᠨ ᠰᠤᠷᠤᠭᠴᠢᠳ ᠲᠤ ᠢᠷᠠᠭᠤ ᠠᠯᠳᠠᠷ ᠤᠨ ᠦᠨᠡᠮᠯᠡᠯ ᠪᠠ ᠭᠤᠶᠢᠳᠠ ᠰᠠᠶᠢᠬᠠᠨ ᠱᠠᠩᠨᠠᠯ ᠤᠨ ᠡᠳ᠋ ᠭᠠᠷᠳᠠᠭᠤᠯᠪᠠ᠃ ᠪᠥᠬᠦ ᠬᠤᠲᠠ ᠶᠢᠨ 400 ᠰᠢᠬᠠᠮ ᠵᠠᠯᠠᠭᠤᠴᠤᠳ ᠪᠠᠭᠠᠴᠤᠳ ᠲᠣᠰ ᠤᠳᠠᠭᠠᠨ ᠤ ᠤᠷᠤᠯᠳᠤᠭᠠᠨ ᠳᠤ ᠣᠷᠣᠯᠴᠠᠵᠤ᠂ ᠤᠷᠠᠨ ᠪᠢᠴᠢᠯᠭᠡ ᠶᠢᠨ ᠤᠷᠠᠯᠢᠭ ᠤᠨ ᠥᠪᠡᠷᠮᠢᠴᠡ ᠷᠢᠳᠢ ᠰᠢᠳᠢ ᠶᠢ ᠢᠯᠡᠷᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠵᠠᠯᠠᠭᠤᠴᠤᠳ ᠪᠠᠭᠠᠴᠤᠳ ᠤᠨ ᠬᠤᠤᠷ ᠴᠠᠭᠠᠵᠠᠯᠠᠬᠤ ᠠᠵᠢᠯ ᠢ ᠡᠷᠡᠰ ᠳᠡᠮᠵᠢᠵᠦ ᠪᠠᠶᠢᠬᠤ ᠪᠠ ︽ᠳᠡᠯᠡᠬᠡᠶ ᠳ᠋ᠠᠬᠢᠨ ᠳᠤ ᠬᠤᠤᠷ ᠥᠬᠡᠶ︾ ᠪᠠᠶᠢᠬᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠳᠠᠮᠵᠢᠭᠤᠯᠤᠭᠰᠠᠨ ᠪᠠᠶᠢᠨ᠎ᠠ᠃ ᠱᠠᠩᠨᠠᠯ ᠣᠯᠤᠭᠰᠠᠨ ᠰᠤᠷᠤᠭᠴᠢᠳ ᠠᠵᠢᠯᠯᠠᠭ᠎ᠠ ᠶᠢᠨ ᠠᠬᠤᠶ ᠲᠠᠯᠠᠪᠠᠶ ᠳᠤ ᠤᠷᠠᠨ ᠪᠢᠴᠢᠯᠭᠡ ᠶᠢᠨ ᠪᠦᠲᠦᠭᠡᠯ ᠢᠶᠠᠨ ᠪᠢᠴᠢᠪᠡ᠃
微信图片_20240624080438.jpg
     ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠦᠵᠡᠭᠦᠯᠦᠯᠭᠡ ᠶᠢᠨ ᠲᠠᠶᠢᠰᠠᠨ ᠤ ᠡᠮᠦᠨ᠎ᠡ᠂ ᠦᠬᠠᠶ ᠬᠤᠲᠠ ᠶᠢᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠤᠣᠷ ᠴᠠᠭᠠᠵᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠬᠤᠤᠷᠲᠤ ᠡᠳ᠋ ᠤᠨ ᠵᠠᠭᠪᠤᠷ ᠢ ᠳᠡᠯᠭᠡᠨ ᠦᠵᠡᠭᠦᠯᠬᠦ᠂ ᠬᠤᠤᠷᠲᠤ ᠡᠳ᠋ ᠢ ᠴᠠᠭᠠᠵᠠᠯᠠᠬᠤ ᠮᠡᠳᠡᠯᠭᠡ ᠶᠢ ᠲᠠᠶᠢᠯᠪᠤᠷᠢᠯᠠᠬᠤ᠂ ᠬᠤᠤᠷᠲᠤ ᠡᠳ᠋ ᠢ ᠴᠠᠭᠠᠵᠠᠯᠠᠬᠤ ᠮᠡᠳᠡᠯᠭᠡ ᠶᠢᠨ ᠭᠠᠷ ᠳᠡᠪᠲᠡᠷ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ᠬᠤᠤᠷᠲᠤ ᠡᠳ᠋ ᠤᠨ ᠬᠤᠤᠷ ᠬᠥᠨᠥᠭᠡᠯᠲᠦ ᠴᠢᠨᠠᠷ ᠪᠠ ᠬᠤᠤᠷᠲᠤ ᠡᠳ᠋ ᠢ ᠴᠠᠭᠠᠵᠠᠯᠠᠬᠤ ᠠᠵᠢᠯ ᠤᠨ ᠴᠢᠬᠤᠯᠠ ᠴᠢᠨᠠᠷ ᠢ ᠲᠦᠭᠡᠮᠡᠯᠵᠢᠭᠦᠯᠪᠡ᠃  ᠦᠵᠡᠭᠦᠯᠦᠯᠭᠡ ᠶᠢᠨ ᠲᠠᠶᠢᠰᠠᠨ ᠤ ᠦᠵᠡᠭᠦᠯᠦᠯᠭᠡ ᠪᠠᠷ ᠳᠡᠮᠵᠢᠨ᠂ ᠬᠤᠤᠷᠲᠤ ᠡᠳ᠋ ᠤᠨ ᠬᠤᠤᠷ ᠬᠥᠨᠥᠭᠡᠯ ᠤᠨ ᠲᠤᠬᠠᠶ ᠨᠠᠩ ᠰᠢᠭᠤᠳ ᠲᠠᠨᠢᠯᠲᠠ ᠲᠠᠢ ᠪᠣᠯᠵᠣ᠂ ᠬᠤᠣᠷ ᠴᠠᠭᠠᠵᠠᠯᠠᠬᠤ ᠠᠵᠢᠯ ᠳᠤ ᠨᠠᠩ ᠭᠦᠨᠵᠡᠭᠡᠶ ᠣᠶᠢᠯᠠᠭᠠᠯᠲᠠ ᠲᠠᠢ ᠪᠣᠯᠪᠠ ᠭᠡᠵᠦ ᠴᠥᠭᠡᠨ ᠪᠤᠰᠤ ᠬᠤᠲᠠ ᠶᠢᠨ ᠠᠷᠠᠳ ᠢᠯᠡᠷᠬᠡᠶᠢᠯᠡᠵᠡᠶ᠃ 
ᠢᠷᠡᠯᠲᠡ᠄ ᠦᠬᠠᠢ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ