ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/21
      ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠤᠨ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠳᠤᠮᠳᠠ᠂ ᠰᠢᠯᠢ ᠶᠢᠨ ᠭᠤᠤᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠭᠤᠣᠯᠳᠠᠯᠭ᠎ᠠ ᠲᠠᠢ ᠴᠠᠭ᠂ ᠵᠠᠮ ᠤᠨ ᠬᠡᠰᠡᠭ ᠲᠤ ᠲᠣᠭᠲᠠᠭᠰᠠᠨ ᠴᠡᠭ ᠤᠨ ᠪᠠᠶᠢᠴᠠᠭᠠᠯᠲᠠ ᠪᠠ ᠲᠣᠭᠤᠷᠢᠨ ᠴᠠᠭᠳᠠᠯᠲᠠ ᠪᠠᠨ ᠴᠢᠩᠭᠠᠳᠬᠠᠵᠤ᠂ ᠠᠷᠢᠬᠢ ᠤᠤᠭᠤᠵᠤ ᠰᠣᠭᠲᠣᠭᠤ ᠪᠠᠷ ᠲᠡᠷᠭᠡ ᠵᠢᠯᠣᠭᠤᠳᠤᠭᠰᠠᠨ᠂ ᠫᠠᠶᠢᠰᠠ ᠲᠡᠮᠳᠡᠭ ᠲᠤ ᠬᠤᠯᠪᠣᠭᠳᠠᠭᠰᠠᠨ᠂ ᠰᠠᠭᠤᠬᠤ ᠬᠥᠮᠦᠨ ᠤ ᠲᠤᠭ᠎ᠠ ᠪᠠ ᠠᠴᠢᠶ᠎ᠠ ᠠᠴᠠ ᠬᠡᠲᠦᠷᠡᠭᠰᠡᠨ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠬᠦᠨᠳᠦ ᠨᠣᠴᠢᠲᠠᠶ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠮᠠᠰᠢᠨᠲᠤ ᠲᠡᠷᠭᠡᠨ ᠤ ᠵᠢᠯᠣᠭᠤᠴᠢ ᠠᠶᠤᠯ ᠦᠭᠡᠢ ᠶᠢᠨ ᠪᠦᠰᠡ ᠪᠦᠰᠡᠯᠡᠬᠦ ᠦᠭᠡᠢ᠂ ᠮᠣᠲ᠋ᠣᠷ ᠲᠡᠷᠭᠡ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠤᠨᠤᠵᠤ ᠪᠠᠶᠢᠭ᠎ᠠ ᠬᠥᠮᠦᠨ ᠠᠮᠤᠷ ᠲᠦᠪᠰᠢᠨ ᠤ ᠳᠤᠭᠤᠯᠠᠭ᠎ᠠ ᠵᠡᠭᠦᠬᠦ ᠦᠭᠡᠢ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠵᠠᠯᠠᠷᠠᠭᠤᠯᠬᠤ ᠶᠢᠨ ᠬᠠᠮᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠦᠨ᠂ ᠤᠯᠠᠨ ᠲᠦᠮᠡᠨ ᠢ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠪᠣᠯᠪᠠᠰᠤᠨ ᠢᠶᠠᠷ ᠶᠠᠪᠤᠵᠤ ᠰᠠᠭᠤᠵᠤ᠂ ᠠᠮᠤᠷ ᠲᠦᠪᠰᠢᠨ ᠢ ᠪᠠᠨ ᠦᠨᠡᠨ ᠬᠦ ᠪᠠᠲᠤᠯᠠᠬᠤ ᠶᠢ ᠬᠥᠲᠥᠯᠥᠨ ᠵᠢᠯᠣᠭᠤᠳᠪᠠ᠃ 
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ