ᠮᠣᠩᠭᠤᠯ ᠮᠣᠷᠢᠨ ᠤ ᠬᠤᠯᠪᠣᠭᠠᠲᠣ ᠣᠷᠣᠯᠳᠣᠭᠠᠨ ᠤ ᠰᠢᠢᠳᠪᠦᠷᠢᠲᠦ ᠲᠡᠮᠡᠴᠡᠭᠡᠨ ᠪᠠᠷᠠᠭᠤᠨ ᠦᠵᠦᠮᠦᠴᠢᠨ ᠬᠤᠰᠢᠭᠤᠨ ᠳᠤ ᠶᠠᠪᠣᠭᠳᠠᠪᠠ
ᠨᠡᠶᠢᠲᠡᠯᠡᠭᠰᠡᠨ ᠴᠠᠭ᠄
2024/7/22
      2024 ᠣᠨ ᠤ 7 ᠰᠠᠷ᠎ᠠ ᠶᠢᠨ 3 ᠤ ᠡᠳᠦᠷ ᠰᠢᠯᠢ ᠶᠢᠨ ᠭᠤᠤᠯ ᠠᠶᠢᠮᠠᠭ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠶᠡᠷᠦᠩᠬᠡᠶ ᠰᠢᠢᠳᠪᠦᠷᠢᠲᠦ ᠤᠷᠤᠯᠳᠤᠭᠠᠨ ᠪᠠᠷᠠᠭᠤᠨ ᠦᠵᠦᠮᠦᠴᠢᠨ ᠬᠤᠰᠢᠭᠤᠨ ᠤ ᠨᠠᠭᠠᠳᠤᠮ ᠤᠨ ᠲᠠᠯᠠᠪᠠᠶ ᠳᠤ ᠦᠪᠡᠳᠡᠭᠰᠢ ᠶᠡᠭᠡ ᠪᠠᠷ ᠡᠬᠢᠯᠡᠪᠡ᠃
640 (3).jpg
     ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠷᠠᠳ ᠤᠨ ᠴᠠᠭᠳᠠᠭ᠎ᠠ ᠲᠤᠰᠠᠯᠠᠭᠴᠢ ᠴᠠᠭᠳᠠᠭ᠎ᠠ ᠨᠠᠷ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠨᠠᠭᠠᠳᠤᠮ ᠤᠨ ᠬᠤᠷᠠᠯ ᠤᠨ ᠲᠠᠯᠠᠪᠠᠢ ᠳᠤ ᠤᠷᠢᠳᠴᠢᠯᠠᠨ ᠬᠦᠷᠴᠦ ︽ᠬᠥᠮᠥᠨ ᠲᠣᠭᠲᠠᠭᠠᠬᠤ᠂ ᠠᠵᠢᠯ ᠤᠨ ᠪᠠᠶᠢᠷᠢ ᠲᠣᠭᠲᠠᠭᠠᠬᠤ᠂ ᠬᠠᠷᠢᠭᠤᠴᠠᠯᠭ᠎ᠠ ᠲᠣᠭᠲᠠᠭᠠᠬᠤ︾ ᠠᠵᠢᠯ ᠤᠨ ᠱᠠᠭᠠᠷᠳᠠᠯᠭ᠎ᠠ ᠶᠣᠰᠣᠭᠠᠷ ᠶᠡᠭᠡ ᠲᠠᠯ᠎ᠠ ᠶᠢᠨ ᠤᠬᠠᠮᠰᠠᠷ ᠪᠠ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ ᠠᠮᠤᠷ ᠢ ᠬᠠᠮᠠᠭᠠᠯᠠᠬᠤ ᠠᠵᠢᠯ ᠢ ︽ᠬᠥᠨᠳᠡᠯᠡᠨ ᠭᠤᠯᠳᠤ ᠪᠠᠷ ᠦᠵᠦᠭᠦᠷ ᠲᠤ ᠨᠢ ᠲᠤᠯᠲᠠᠯ᠎ᠠ︾ ᠵᠠᠪᠰᠠᠷ ᠦᠭᠡᠢ ᠵᠣᠯᠭᠠᠭᠤᠯᠬᠤ ᠶᠢ ᠪᠡᠶᠡᠯᠡᠭᠦᠯᠵᠦ᠂ ᠣᠯᠠᠨ ᠲᠦᠮᠡᠨ ᠤ ᠪᠡᠶ᠎ᠡ ᠮᠠᠬᠠᠪᠤᠳ ᠪᠠ ᠡᠳ᠋ ᠬᠥᠷᠥᠩᠭᠡ ᠶᠢᠨ ᠠᠮᠤᠷ ᠲᠥᠪᠰᠢᠨ ᠢ ᠦᠨᠡᠨ ᠬᠦ ᠪᠠᠲᠤᠯᠠᠪᠠ᠃
640 (5).jpg
640 (6).jpg
     ᠲᠤᠬᠠᠶ ᠶᠢᠨ ᠲᠠᠯᠠᠪᠤᠷ ᠲᠤ ᠵᠢᠵᠢᠭᠦᠷᠯᠡᠵᠦ ᠪᠠᠶᠢᠭ᠎ᠠ ᠴᠠᠭᠳᠠᠭᠠᠨ ᠤ ᠬᠦᠴᠦᠨ ᠦᠳᠲᠡᠷ ᠲᠦᠷᠭᠡᠨ ᠢᠶᠠᠷ ᠪᠠᠴᠢᠮ ᠶᠠᠭᠠᠷᠠᠯᠲᠠᠶ ᠠᠵᠢᠯ ᠳᠤ ᠣᠷᠣᠯᠴᠠᠵᠤ᠂ ᠵᠠᠮ ᠬᠠᠷᠢᠯᠴᠠᠭ᠎ᠠ ᠶᠢ ᠰᠠᠭᠠᠳ ᠦᠭᠡᠢ ᠨᠡᠪᠲᠡᠷᠡᠭᠦᠯᠬᠦ ᠠᠴᠠ ᠡᠷᠬᠢᠨ ᠲᠣᠭᠤᠷᠢᠨ ᠤ ᠡᠮᠬᠢ ᠳᠢᠭᠯᠢᠮ ᠪᠠ ᠲᠣᠭᠤᠷᠢᠨ ᠴᠠᠭᠳᠠᠵᠤ ᠵᠢᠵᠢᠭᠦᠷᠯᠡᠬᠦ ᠬᠦ᠋ᠷᠲᠡᠯ᠎ᠡ ᠴᠢᠩᠭ᠎ᠠ ᠨᠢᠮᠪᠠᠶ ᠠᠵᠢᠯ ᠤᠨ ᠰᠤᠷᠲᠠᠯ ᠢᠶᠠᠷ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ