ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠷᠠᠭᠤᠨ ᠦᠵᠦᠮᠦᠴᠢᠨ ᠬᠤᠰᠢᠭᠤᠨ ᠤ ᠴᠠᠭᠠᠨ ᠠᠳᠣᠭᠤᠨ ᠤ ᠰᠣᠶᠣᠯ ᠤᠨ ᠨᠠᠶᠢᠷ ᠤᠨ ᠠᠮᠤᠷ ᠢ ᠬᠠᠮᠠᠭᠠᠯᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/7/22
      6 ᠳ᠋ᠤᠭᠠᠷ ᠰᠠᠷ᠎ᠠ ᠶᠢᠨ 29 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠴᠠᠭᠠᠨ ᠠᠳᠣᠭᠤᠨ ᠤ ᠰᠣᠶᠣᠯ ᠤᠨ ᠨᠠᠶᠢᠷ ᠪᠣᠯᠵᠤᠭ᠎ᠠ ᠶᠣᠰᠣᠭᠠᠷ ᠬᠦᠷᠴᠦ ᠢᠷᠡᠪᠡ᠃ ᠪᠠᠷᠠᠭᠤᠨ ᠦᠵᠦᠮᠦᠴᠢᠨ ᠬᠤᠰᠢᠭᠤᠨ ᠤ ᠳᠣᠳᠣᠭᠠᠳᠣ ᠶᠢ ᠬᠠᠮᠠᠭᠠᠯᠠᠬᠤ ᠳᠣᠪᠴᠢᠶ᠎ᠠ ᠨᠢ ᠣᠳᠣᠷᠢᠳᠣᠯᠭ᠎ᠠ ᠪᠠᠨ ᠴᠢᠩᠭᠠᠳᠬᠠᠵᠣ᠂ ᠨᠠᠷᠢᠯᠢᠭ ᠪᠠᠶᠢᠷᠢᠯᠠᠭᠤᠯᠵᠦ᠂ ᠪᠦᠬᠦ ᠬᠦᠴᠦᠨ ᠢᠶᠠᠷ ᠴᠢᠷᠮᠠᠶᠢᠨ᠂ 100 ᠭᠠᠷᠣᠢ ᠬᠦᠮᠦᠨ ᠢ ᠵᠣᠬᠢᠶᠠᠨ ᠪᠠᠶᠢᠭᠤᠯᠵᠦ᠂ ᠰᠣᠶᠣᠯ ᠤᠨ ᠨᠠᠶᠢᠷ᠂ ᠳᠠᠭᠤᠤ ᠬᠦᠭᠵᠢᠮ ᠤᠨ ᠨᠠᠶᠢᠷ ᠤᠨ ᠠᠮᠣᠷ ᠳᠦᠪᠰᠢᠨ ᠢ ᠬᠠᠮᠠᠭᠠᠯᠠᠬᠤ ᠡᠬᠦᠷᠬᠡ ᠪᠠᠨ ᠠᠮᠵᠢᠯᠳᠠᠳᠠᠢ ᠪᠡᠶᠡᠯᠡᠬᠦᠯᠪᠡ᠃
640 (12).jpg
640 (2).jpg
     ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠵᠢᠯᠯᠠᠭ᠎ᠠ ᠶᠠᠪᠤᠭᠳᠠᠬᠤ ᠠᠴᠠ ᠡᠮᠦᠨ᠎ᠡ ᠲᠤᠬᠠᠶ ᠶᠢᠨ ᠲᠠᠯᠠᠪᠤᠷ ᠲᠤ ᠣᠯᠠᠨ ᠤᠳᠠᠭ᠎ᠠ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠴᠠᠭᠳᠠᠭᠠᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ ᠪᠠᠶᠢᠷᠢᠯᠠᠭᠤᠯᠵᠤ᠂ ᠠᠮᠤᠷ ᠢ ᠬᠠᠮᠠᠭᠠᠯᠠᠬᠤ ᠲᠥᠰᠦᠯ ᠢ ᠤᠷᠢᠳᠴᠢᠯᠠᠨ ᠲᠣᠭᠲᠠᠭᠠᠵᠤ᠂ ᠡᠯ᠎ᠡ ᠵᠦᠢᠯ ᠤᠨ ᠠᠮᠤᠷ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠱᠠᠲᠤ ᠱᠠᠲᠤ ᠪᠠᠷ ᠰᠠᠶᠢᠲᠤᠷ ᠠᠳᠬᠤᠵᠤ᠂ ᠠᠵᠢᠯᠯᠠᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠪᠠ᠃ ᠠᠮᠤᠷ ᠢ ᠬᠠᠮᠠᠭᠠᠯᠠᠬᠤ ᠠᠵᠢᠯ ᠤᠨ ᠬᠤᠷᠠᠯ ᠤᠨ ᠲᠠᠯᠠᠪᠠᠢ ᠪᠠᠷ ᠭᠤᠤᠯᠳᠠᠯᠭ᠎ᠠ ᠪᠣᠯᠭᠠᠵᠤ᠂ ᠣᠯᠠᠨ ᠵᠢᠵᠢᠭᠦᠷᠯᠡᠬᠦ ᠣᠷᠣᠨ᠂ ᠵᠢᠵᠢᠭᠦᠷᠯᠡᠬᠦ ᠴᠡᠭ ᠬᠤᠪᠢᠶᠠᠵᠤ᠂ ᠰᠢᠨᠵᠢᠯᠡᠬᠦ ᠤᠬᠠᠭᠠᠨᠴᠢ ᠪᠠᠷ ᠴᠠᠭᠳᠠᠭᠠᠨ ᠤ ᠬᠦᠴᠦᠨ ᠢ ᠬᠤᠪᠢᠶᠠᠷᠢᠯᠠᠨ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠥᠬᠦ ᠵᠢᠵᠢᠭᠦᠷᠯᠡᠵᠦ ᠪᠠᠶᠢᠭ᠎ᠠ ᠠᠷᠠᠳ ᠴᠠᠭᠳᠠᠭ᠎ᠠ ᠬᠠᠪᠰᠤᠷᠤᠭᠴᠢ ᠴᠠᠭᠳᠠᠭ᠎ᠠ ᠬᠠᠮᠲᠤᠷᠠᠨ ᠪᠠᠶᠢᠯᠳᠤᠵᠤ᠂ ᠨᠢᠭᠲᠠ ᠵᠣᠯᠭᠠᠭᠤᠯᠵᠤ᠂ ᠦᠵᠡᠭᠴᠢᠳ ᠢ ᠡᠮᠬᠢ ᠵᠢᠷᠤᠮ ᠲᠠᠢ ᠪᠠᠷ ᠬᠥᠲᠥᠯᠦᠨ ᠵᠢᠯᠣᠭᠤᠳᠴᠤ ᠪᠠᠶᠢᠭᠠᠳ ᠲᠠᠯᠠᠪᠠᠶ ᠳᠤ ᠣᠷᠤᠭᠤᠯᠵᠤ᠂ ᠲᠠᠯᠠᠪᠤᠷ ᠠᠴᠠ ᠭᠠᠷᠭᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤ ᠨᠢ ᠢᠯᠡᠷᠡᠭᠦᠯᠬᠦ ᠪᠠ ᠰᠢᠢᠳᠪᠦᠷᠢᠯᠡᠬᠦ ᠶᠢ ᠪᠠᠲᠤᠯᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠠᠴᠠ ᠵᠠᠶᠢᠯᠠᠰᠬᠢᠵᠦ᠂ ᠦᠵᠡᠭᠴᠢᠳ ᠤᠨ ᠪᠡᠶᠡᠴᠢᠯᠡᠨ ᠣᠶᠢᠯᠠᠭᠠᠬᠤ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠪᠡ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ