ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠵᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2024/7/24
      7 ᠳ᠋ᠤᠭᠠᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠨᠠᠮ ᠤᠨ ᠬᠤᠷᠢᠶ᠎ᠠ ᠶᠢᠨ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠤᠯᠠᠮᠵᠢᠯᠠᠨ ᠰᠤᠷᠤᠯᠴᠠᠵᠤ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠨᠠᠮ ᠤᠨ ᠬᠤᠷᠢᠶ᠎ᠠ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠬᠤ ᠬᠤᠷᠠᠯ ᠪᠣᠯᠤᠨ ᠶᠠᠮᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠺᠠᠳ᠋ᠷᠴᠤᠳ ᠤᠨ ᠶᠡᠭᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠵᠡᠷᠭᠡ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠥᠬᠡᠬᠤᠲᠠ ᠳᠤ ᠪᠠᠶᠢᠭ᠎ᠠ ᠲᠢᠩᠬᠢᠮ ᠤᠨ ᠨᠠᠮ ᠤᠨ ᠬᠤᠷᠢᠶ᠎ᠠ ᠶᠢᠨ ᠪᠦᠷᠢᠯᠳᠦᠬᠦᠨ ᠨᠡᠷ ᠬᠤᠷᠠᠯ ᠳᠤ ᠣᠷᠣᠯᠴᠠᠵᠤ᠂ ᠲᠢᠩᠬᠢᠮ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠶ᠃
11.jpg
      ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠳᠦᠬᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠃ ᠪᠥᠬᠦᠳᠡ ᠬᠤᠷᠠᠯ ᠠᠴᠠ ᠬᠢᠨᠠᠨ ᠶᠠᠷᠢᠯᠴᠠᠵᠤ ᠪᠠᠲᠤᠯᠠᠭᠰᠠᠨ ︽ᠲᠣᠭᠲᠠᠭᠠᠯ︾ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠭᠤᠣᠯ ᠰᠡᠳᠦᠪ ᠤᠨ ᠲᠣᠭᠤᠷᠢᠨ ᠳᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠵᠢᠯᠣᠭᠤᠳᠬᠤ ᠦᠵᠡᠯ ᠰᠠᠨᠠᠭ᠎ᠠ᠂ ᠶᠡᠷᠦᠩᠬᠡᠶ ᠬᠠᠷᠠᠯᠲᠠ᠂ ᠴᠢᠬᠤᠯᠠ ᠶᠡᠭᠡ ᠵᠠᠷᠴᠢᠮ ᠢ ᠲᠣᠳᠣᠷᠬᠠᠶᠢᠯᠠᠵᠠᠶ᠂ ᠡᠨᠡ ᠪᠣᠯ ᠰᠢᠨ᠎ᠡ ᠠᠶᠠᠨ ᠵᠠᠮ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢ ᠵᠢᠯᠣᠭᠤᠳᠬᠤ ᠮᠠᠷᠺᠰ ᠤᠨ ᠦᠵᠡᠯ ᠤᠨ ᠬᠥᠲᠥᠯᠪᠦᠷᠢ ᠶᠢᠨ ᠴᠢᠨᠠᠷᠲᠠᠶ ᠲᠤᠯᠭᠤᠷ ᠪᠢᠴᠢᠭ ᠮᠥᠨ ᠭᠡᠵᠦ ᠵᠢᠭᠠᠵᠤ ᠭᠠᠷᠭᠠᠪᠠ᠃       ᠬᠤᠷᠠᠯ ᠠᠴᠠ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠪᠣᠯᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠬᠠᠮᠢᠶ᠎ᠠ ᠪᠦᠬᠦᠢ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠶ ᠲᠠᠨᠢᠵᠤ᠂ ᠣᠨᠣᠪᠴᠢᠲᠠᠶ ᠡᠵᠡᠮᠰᠢᠵᠦ᠂ ᠶᠡᠷᠦᠩᠬᠡᠶ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ ᠪᠣᠯᠤᠨ ᠦᠨᠳᠦᠰᠦᠨ ᠪᠠᠲᠤᠯᠠᠭ᠎ᠠ ᠶᠢ ᠪᠠᠲᠤ ᠡᠵᠡᠮᠰᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠡᠷᠦᠩᠬᠡᠢ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠳᠣᠲᠣᠭᠠᠳᠤ ᠶᠢ ᠬᠠᠮᠠᠭᠠᠯᠠᠬᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠰᠠᠶᠢᠲᠤᠷ ᠭᠦᠢᠴᠡᠳᠬᠡᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠥᠨᠳᠥᠷ ᠬᠡᠪ ᠪᠣᠯᠪᠠᠰᠤᠷᠠᠯ ᠲᠠᠢ ᠪᠠᠲᠤ ᠴᠢᠩᠭ᠎ᠠ ᠳᠣᠲᠣᠭᠠᠳᠤ ᠶᠢ ᠬᠠᠮᠠᠭᠠᠯᠠᠬᠤ ᠡᠩᠨᠡᠭᠡ ᠶᠢ ᠬᠦᠴᠦᠯᠡᠨ ᠳᠠᠪᠲᠠᠨ ᠪᠣᠯᠪᠠᠰᠤᠷᠠᠭᠤᠯᠵᠤ᠂ ᠥᠪᠥᠷ ᠮᠣᠩᠭᠤᠯ ᠤᠨ ᠰᠢᠨ᠎ᠡ ᠴᠢᠨᠠᠷ ᠴᠢᠨᠰᠠᠭ᠎ᠠ ᠲᠠᠢ ᠳᠣᠲᠣᠭᠠᠳᠤ ᠶᠢ ᠬᠠᠮᠠᠭᠠᠯᠠᠬᠤ ᠲᠠᠶᠢᠴᠢᠨ ᠬᠦᠴᠦᠨ ᠢ ᠲᠦᠷᠭᠡᠨ ᠪᠦᠷᠢᠯᠳᠦᠭᠦᠯᠬᠦ ᠪᠠ ᠳᠡᠭᠡᠭᠰᠢᠯᠡᠭᠦᠯᠵᠦ᠂ ᠰᠢᠨ᠎ᠡ ᠠᠶᠠᠨ ᠵᠠᠮ ᠤᠨ ᠥᠭᠡᠷᠡᠴᠢᠯᠡᠯᠲᠡ ᠪᠠᠷ ᠴᠠᠭᠳᠠᠭ᠎ᠠ ᠶᠢ ᠬᠦᠴᠦᠷᠬᠡᠭᠵᠢᠭᠦᠯᠬᠦ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠳᠣᠲᠣᠭᠠᠳᠤ ᠶᠢ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠶ ᠴᠢᠬᠤᠯᠠ ᠶᠡᠭᠡ ᠪᠠᠶᠢᠷᠢᠯᠠᠭᠤᠯᠤᠯᠲᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠪᠠᠲᠤ ᠡᠵᠡᠮᠰᠢᠵᠦ᠂ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠬᠤ ᠪᠠ ᠲᠥᠪ ᠤᠨ ︽ᠰᠠᠨᠠᠯ︾ ᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠶᠢᠨ ᠴᠢᠬᠤᠯᠠ ᠭᠠᠷᠳᠠᠴᠠ ᠪᠣᠯᠭᠠᠵᠤ᠂ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠣᠯᠠᠨ ᠲᠠᠯ᠎ᠠ ᠠᠴᠠ ᠪᠣᠶ ᠪᠣᠯᠭᠠᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠬᠢᠨᠠᠨ ᠵᠢᠯᠣᠭᠤᠳᠴᠤ ᠳᠠᠭᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠶᠡᠬᠡᠪᠡᠷ ᠠᠬᠢᠭᠤᠯᠬᠤ ᠬᠡᠷᠡᠭᠲᠡᠶ ᠵᠢᠭᠠᠵᠤ ᠭᠠᠷᠭᠠᠪᠠ᠃       ᠬᠤᠷᠠᠯ ᠠᠴᠠ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠶᠡᠷᠦᠩᠬᠡᠶ ᠱᠠᠭᠠᠷᠳᠠᠯᠭ᠎ᠠ ᠪᠣᠯᠤᠨ ᠴᠢᠬᠤᠯᠠ ᠪᠠᠶᠢᠷᠢᠯᠠᠭᠤᠯᠤᠯᠲᠠ ᠶᠢ ᠪᠠᠲᠤ ᠡᠵᠡᠮᠰᠢᠵᠦ᠂ ︽ᠲᠤᠰᠬᠠᠶ ᠮᠡᠷᠭᠡᠵᠢᠯ + ᠲᠣᠭᠲᠠᠴᠠ + ᠲᠣᠮᠣ ᠳ᠋ᠠᠶᠢᠲ᠋ᠠ︾ ᠶᠢᠨ ᠰᠢᠨ᠎ᠡ ᠬᠡᠯᠪᠡᠷᠢ ᠶᠢᠨ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠵᠠᠭᠪᠤᠷ ᠢᠶᠠᠷ ᠬᠥᠲᠥᠯᠦᠮᠵᠢ ᠪᠣᠯᠭᠠᠬᠤ ᠶᠢ ᠪᠠᠷᠢᠮᠲᠠᠯᠠᠵᠤ᠂ ᠲᠣᠮᠣ ᠳ᠋ᠠᠶᠢᠲ᠋ᠠ ᠶᠢᠨ ᠴᠢᠳᠠᠪᠤᠷᠢ ᠣᠯᠭᠤᠬᠤ ᠶᠢ ᠨᠢᠭᠡ ᠴᠤᠭᠴᠠᠵᠢᠭᠤᠯᠤᠭᠰᠠᠨ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠲᠣᠭᠲᠠᠴᠠ ᠪᠠᠷ ᠭᠠᠷᠳᠠᠴᠠ ᠪᠣᠯᠭᠠᠵᠤ᠂ ᠲᠤᠰᠬᠠᠶ ᠮᠡᠷᠭᠡᠵᠢᠯ ᠤᠨ ᠴᠠᠭᠳᠠᠭᠠᠨ ᠤ ᠲᠥᠷᠥᠯ ᠪᠠ ᠲᠤᠰᠬᠠᠶ ᠠᠩᠭᠢ ᠲᠤᠰᠬᠠᠶ ᠵᠦᠢᠯ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠠᠮᠤᠭ ᠤᠨ ᠶᠡᠭᠡ ᠬᠡᠮᠵᠢᠶ᠎ᠡ ᠪᠠᠷ ᠦᠨᠳᠦᠰᠦᠨ ᠱᠠᠲᠤᠨ ᠤ ᠪᠣᠳᠠᠲᠤ ᠪᠠᠶᠢᠯᠳᠤᠭᠠᠨ ᠤ ᠴᠢᠳᠠᠪᠤᠷᠢ ᠶᠢ ᠣᠯᠭᠤᠵᠤ᠂ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠳᠣᠲᠣᠭᠠᠳᠤ ᠶᠢ ᠬᠠᠮᠠᠭᠠᠯᠠᠬᠤ ᠶᠠᠮᠤᠨ ᠤ ᠬᠡᠪ ᠴᠢᠨᠠᠷ ᠢᠶᠠᠷ ᠴᠠᠭᠳᠠᠭ᠎ᠠ ᠶᠢ ᠬᠦᠴᠦᠷᠬᠡᠭᠵᠢᠭᠦᠯᠬᠦ ᠢᠨᠵᠧᠨᠧᠷᠢᠩ ᠪᠠ ︽ᠨᠠᠢᠮᠠᠨ ᠶᠡᠭᠡ ᠠᠵᠢᠯᠯᠠᠭ᠎ᠠ︾ ᠶᠢ ᠭᠦᠨᠵᠡᠭᠡᠶ ᠬᠡᠷᠡᠭᠵᠢᠭᠦᠯᠵᠦ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠴᠢᠳᠠᠪᠤᠷᠢᠲᠠᠨ ᠤ ᠲᠥᠯᠥᠪᠵᠢᠭᠦᠯᠭᠡ ᠶᠢ ᠯᠠᠪᠳᠠᠭᠤᠨ ᠪᠠᠲᠤᠲᠠᠶ ᠬᠡᠷᠡᠭᠵᠢᠭᠦᠯᠦᠨ᠂ ᠥᠪᠥᠷ ᠮᠣᠩᠭᠤᠯ ᠤᠨ ᠴᠠᠭᠳᠠᠭᠠᠨ ᠤ ᠠᠵᠢᠯ ᠮᠡᠷᠭᠡᠵᠢᠯ ᠤᠨ ᠳᠡᠭᠡᠲᠦ ᠰᠤᠷᠭᠠᠭᠤᠯᠢ ᠶᠢᠨ ᠴᠠᠭᠳᠠᠭᠠᠨ ᠤ ᠳᠡᠭᠡᠳᠦ ᠰᠤᠷᠭᠠᠭᠤᠯᠢ ᠪᠣᠯᠬᠤ ᠲᠡᠰ ᠳᠠᠪᠰᠢᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ᠃ ︽ᠵᠢᠷᠭᠤᠭ᠎ᠠ ᠶᠢ ᠰᠡᠷᠭᠡᠶᠢᠯᠡᠬᠦ ᠲᠠᠪᠤ ᠶᠢ ᠡᠵᠡᠮᠳᠡᠬᠦ ᠲᠦᠷᠪᠡ ᠶᠢ ᠠᠬᠢᠭᠤᠯᠬᠤ︾ ᠰᠠᠭᠤᠷᠢ ᠶᠢ ᠴᠢᠩᠭᠠᠳᠬᠠᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠳᠣᠲᠣᠭᠠᠳᠤ ᠶᠢ ᠬᠠᠮᠠᠭᠠᠯᠠᠬᠤ ᠦᠨᠳᠦᠰᠦᠨ ᠱᠠᠲᠤᠨ ᠤ ᠰᠠᠭᠤᠷᠢ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠠᠮᠤᠷ ᠲᠦᠪᠰᠢᠨ ᠤ ᠡᠵᠡᠮᠳᠡᠬᠦ ᠴᠢᠳᠠᠪᠤᠷᠢ ᠶᠢ ᠳᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠠᠵᠢᠯ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠶᠠᠯᠳᠤᠯ ᠤᠨ ᠴᠡᠭ ᠢ ᠣᠨᠣᠪᠴᠢᠲᠠᠢ ᠡᠷᠢᠵᠦ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾ ᠳᠤ ᠲᠣᠳᠣᠷᠬᠠᠶᠢᠯᠠᠭᠰᠠᠨ ︽ᠲᠠᠪᠤᠨ ᠶᠡᠭᠡ ᠢᠨᠵᠧᠨᠧᠷᠢᠩ︾ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠪᠤᠨ ᠶᠡᠭᠡ ᠡᠭᠦᠷᠭᠡ ᠲᠠᠢ ᠵᠣᠬᠢᠴᠠᠭᠰᠠᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠠᠮᠤᠷ ᠲᠦᠪᠰᠢᠨ ᠢ ᠪᠠᠲᠤᠯᠠᠬᠤ ᠠᠵᠢᠯ ᠤᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ  ᠪᠠᠶᠢᠭᠤᠯᠭ᠎ᠠ ᠶᠢᠨ ᠥᠭᠡᠷᠡᠴᠢᠯᠡᠯᠲᠡ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠰᠢᠰᠲ᠋ᠧᠮ ᠤᠨ ᠬᠤᠷᠠᠮᠠᠯ᠂ ᠪᠦᠬᠦᠯᠢ ᠴᠣᠭᠴᠠ ᠪᠠᠷ ᠠᠬᠢᠭᠤᠯᠬᠤ ᠶᠢ ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠨ ᠢᠶᠠᠷ ᠡᠬᠢᠯᠡᠭᠦᠯᠵᠦ ᠰᠠᠶᠢᠨ ᠢᠶᠠᠷ ᠲᠡᠭᠦᠰᠬᠡᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ ᠥᠭᠡᠷᠡᠴᠢᠯᠡᠯᠲᠡ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠶᠢ ᠦᠨᠡᠨ ᠬᠦ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃       ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃
ᠢᠷᠡᠯᠲᠡ᠄ ᠦᠪᠦᠷ ᠮᠤᠩᠭᠤᠯ ᠤᠨ ᠲᠤᠳᠤᠭᠠᠳᠦ ᠶᠢᠨ ᠬᠠᠮᠠᠭᠠᠯᠠᠬᠤ ᠲᠢᠩᠬᠢᠮ