ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠦᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠵᠣᠬᠢᠶᠠᠨ ᠪᠠᠢᠭᠤᠯᠤᠨ ᠵᠣᠭᠤᠰ ᠲᠤᠰᠠᠯᠠᠭᠤᠯᠵᠤ ᠬᠦᠴᠢᠷᠲᠡᠢ ᠭᠠᠴᠠᠭ᠎ᠠ ᠶᠢ ᠬᠠᠪᠰᠤᠷᠤᠨ ᠲᠡᠳᠬᠦᠵᠦ ᠭᠠᠩ ᠢ ᠡᠰᠡᠷᠭᠦᠴᠡᠵᠡᠢ
ᠨᠡᠶᠢᠲᠡᠯᠡᠭᠰᠡᠨ ᠴᠠᠭ᠄
2024/7/29
      ᠡᠨᠡ ᠵᠢᠯ ᠤᠨ ᠵᠤᠨ ᠣᠷᠣᠭᠰᠠᠨ ᠠᠴᠠ ᠨᠠᠭᠠᠰᠢ᠂ ᠮᠠᠨ ᠤ ᠬᠤᠰᠢᠭᠤ ᠦᠷᠭᠦᠯᠵᠢ ᠰᠠᠯᠬᠢ ᠰᠢᠭᠤᠷᠭ᠎ᠠ ᠲᠠᠢ ᠮᠥᠷᠲᠡᠭᠡᠨ ᠠᠭᠠᠷ ᠤᠨ ᠳᠤᠯᠠᠭᠠᠨ ᠥᠨᠳᠥᠷ᠂ ᠬᠤᠷ᠎ᠠ ᠲᠤᠨᠳᠠᠰᠤ ᠪᠠᠭᠠᠳᠠᠵᠤ᠂ ᠨᠤᠲᠤᠭ ᠪᠡᠯᠴᠢᠭᠡᠷ ᠲᠤ ᠠᠳᠠᠯᠢ ᠪᠤᠰᠤ ᠬᠡᠮᠵᠢᠶᠡᠨ ᠤ ᠭᠠᠩ ᠬᠠᠭᠰᠠᠷᠭᠠᠨ ᠪᠣᠯᠵᠤ᠂ ᠮᠠᠯ ᠠᠵᠤ ᠠᠬᠤᠢ ᠳᠤ ᠬᠦᠨᠳᠦ ᠨᠣᠴᠢᠲᠠᠢ ᠨᠥᠯᠥᠭᠡ ᠪᠣᠯᠤᠭᠰᠠᠨ ᠪᠠᠶᠢᠨ᠎ᠠ᠃ ᠭᠠᠩ ᠬᠠᠭᠰᠠᠷᠠᠭᠠᠨ ᠤ ᠡᠮᠦᠨ᠎ᠡ᠂ ᠮᠠᠯᠴᠢᠨ ᠲᠠᠷᠢᠶᠠᠴᠢᠨ ᠤ ᠡᠪᠡᠰᠦ ᠪᠣᠷᠳᠤᠭ᠎ᠠ ᠭᠦᠢᠴᠡᠳ ᠪᠤᠰᠤ ᠪᠠᠶᠢᠭ᠎ᠠ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠣᠯᠠᠨ ᠲᠦᠮᠡᠨ ᠤ ᠪᠣᠳᠣᠵᠤ ᠪᠠᠶᠢᠭ᠎ᠠ ᠠᠰᠠᠭᠤᠳᠠᠯ ᠢ ᠪᠣᠳᠤᠵᠤ᠂ ᠣᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠶᠠᠭᠠᠷᠠᠵᠤ᠂ ᠣᠳᠣᠬᠠᠨ ᠳᠤ ᠶᠠᠭ ᠥᠷᠨᠢᠭᠦᠯᠵᠦ ᠪᠠᠶᠢᠭ᠎ᠠ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠰᠤᠷᠭᠠᠨ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠵᠡᠷᠭᠡ ᠠᠵᠢᠯ ᠲᠠᠢ ᠤᠶᠠᠯᠳᠤᠭᠤᠯᠤᠨ᠂ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ᠨᠢᠮᠪᠠᠢ ᠵᠣᠬᠢᠶᠠᠨ ᠪᠠᠢᠭᠤᠯᠵᠤ᠂ 6 ᠰᠠᠷ᠎ᠠ ᠶᠢᠨ 26 ᠠᠴᠠ 6 ᠰᠠᠷ᠎ᠠ ᠶᠢᠨ 27 ᠤ ᠡᠳᠦᠷ ᠪᠣᠯᠲᠠᠯ᠎ᠠ᠂ ᠪᠦᠬᠦ ᠲᠣᠪᠴᠢᠶ᠎ᠠ ᠶᠢᠨ ᠬᠡᠪᠴᠢᠶᠡᠨ ᠳᠤ ᠳᠠᠭᠠᠭᠠᠴᠢᠯᠠᠨ ᠠᠪᠦᠭᠰᠠᠨ ᠭᠠᠴᠠᠭᠠᠨ ᠳᠤ ᠭᠠᠩ ᠬᠠᠭᠰᠠᠷᠭᠠᠨ ᠲᠠᠢ ᠲᠡᠮᠡᠴᠡᠨ ᠭᠠᠮᠰᠢᠭ ᠠᠴᠠ ᠠᠪᠤᠷᠠᠬᠤ ᠵᠣᠭᠤᠰ ᠴᠤᠭᠯᠠᠭᠤᠯᠬᠤ ᠠᠵᠢᠯᠯᠠᠭ᠎ᠠ ᠥᠷᠨᠢᠭᠦᠯᠪᠡ᠃ ᠰᠥᠨᠢᠳ ᠪᠠᠷᠠᠭᠤᠨ ᠬᠤᠰᠢᠭᠤᠨ᠋ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2 ᠲᠦᠮᠡᠨ ᠲᠥᠭᠦᠷᠢᠭ ᠬᠠᠨᠳᠢᠪᠯᠠᠵᠤ᠂ ᠪᠦᠬᠦ ᠲᠣᠪᠴᠢᠶᠠᠨ ᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ 3 ᠲᠦᠮᠡ ᠭᠠᠷᠤᠢ ᠲᠥᠭᠦᠷᠢᠭ ᠲᠤᠰᠠᠯᠠᠪᠠ᠃ ᠡᠴᠦᠰ ᠲᠤ᠂ ᠨᠡᠶᠢᠲᠡ 5 ᠲᠦᠮᠡᠨ ᠲᠥᠭᠦᠷᠢᠭ ᠴᠤᠭᠯᠠᠭᠤᠯᠵᠤ᠂ ᠳᠣᠪᠴᠢᠶᠠᠨ ᠤ ᠲᠠᠯ᠎ᠠ ᠠᠴᠠ ᠬᠠᠨᠳᠢᠪᠯᠠᠭᠰᠠᠨ ᠪᠦᠬᠦ ᠮᠥᠩᠭᠦ ᠶᠢ ᠡᠪᠡᠰᠦ ᠪᠣᠷᠳᠤᠭ᠎ᠠ ᠬᠤᠳᠠᠯᠳᠤᠨ ᠠᠪᠬᠤ ᠳᠤ ᠵᠠᠷᠤᠴᠠᠭᠤᠯᠤᠭᠰᠠᠨ ᠪᠠᠶᠢᠨ᠎ᠠ᠃
2.jpg
      6 ᠰᠠᠷ᠎ᠠ ᠶᠢᠨ 28 ᠤ ᠡᠳᠦᠷ᠂ ᠲᠣᠪᠴᠢᠶᠠᠨ ᠤ ᠨᠠᠮ ᠤᠨ ᠬᠤᠷᠢᠶᠠᠨ ᠤ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠬᠦᠷᠡᠯ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶ᠎ᠠ ᠶᠢ ᠲᠥᠯᠥᠭᠡᠯᠡᠨ᠂ ᠳᠠᠭᠠᠭᠠᠴᠢᠯᠠᠨ ᠠᠪᠦᠭᠰᠠᠨ ᠰᠠᠩᠪᠤᠯᠠᠭ ᠰᠤᠮᠤᠨ ᠤ ᠴᠠᠭᠠᠨ ᠤᠰᠤ ᠭᠠᠴᠠᠭᠠᠨ ᠤ ᠵᠥᠪᠯᠡᠯ ᠳᠤ ᠬᠦᠷᠴᠦ᠂ 30 ᠭᠠᠷᠤᠢ ᠲᠤᠨ ᠭᠠᠩ ᠲᠠᠢ ᠲᠡᠮᠡᠴᠡᠬᠦ ᠡᠪᠡᠰᠦ ᠪᠣᠷᠳᠤᠭ᠎ᠠ ᠶᠢ ᠭᠠᠴᠠᠭᠠᠨ ᠤ ᠮᠠᠯᠴᠢᠳ ᠲᠤ ᠴᠠᠭ ᠲᠤᠬᠠᠢ ᠳᠤ ᠨᠢ ᠭᠠᠷᠳᠠᠭᠤᠯᠵᠠᠢ᠃
4.jpg
7.jpg
      ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠢ ᠬᠠᠪᠰᠤᠷᠤᠨ᠂ ᠦᠢᠯᠡᠳᠪᠦᠷᠢᠯᠡᠯ ᠠᠮᠢᠳᠤᠷᠠᠯ ᠤᠨ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠳᠣᠪᠴᠢᠶᠠᠨ ᠤ ᠨᠠᠮ ᠤᠨ ᠬᠤᠷᠢᠶ᠎ᠠ ᠶᠢᠨ ᠭᠠᠩ ᠬᠠᠭᠰᠠᠷᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠡᠷᠡᠰ ᠵᠣᠷᠢᠭ᠂ ᠢᠲᠡᠭᠡᠯ ᠬᠦᠰᠡᠯ ᠪᠠ ᠬᠠᠶᠢᠷ᠎ᠠ ᠬᠠᠯᠠᠮᠵᠢ ᠶᠢ ᠲᠤᠰᠬᠠᠭᠰᠠᠨ ᠠᠴᠠ᠂ ᠬᠠᠷᠢᠶᠠᠲᠤ ᠣᠷᠣᠨ ᠤ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠵᠠᠢ᠃ ᠳᠠᠷᠠᠭ᠎ᠠ ᠠᠯᠬᠤᠮ ᠳᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠤᠯᠠᠮ ᠨᠢᠭᠡ ᠠᠯᠬᠤᠮ ᠳᠠᠢᠴᠢᠯᠠᠨ ᠪᠠᠢᠷᠢᠯᠠᠭᠤᠯᠵᠤ᠂ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠶᠡᠭᠡ ᠭᠠᠩ ᠢ ᠡᠰᠡᠷᠭᠦᠴᠡᠬᠦ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠠᠵᠢᠯ ᠳᠤ ᠢᠳᠡᠪᠬᠢᠲᠡᠢ ᠣᠷᠣᠯᠴᠠᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠲᠣᠭᠲᠠᠭᠤᠨ ᠤ ᠬᠠᠮᠠᠭᠠᠯᠠᠯᠲᠠ ᠳᠤ ᠤᠯᠠᠮ ᠰᠠᠶᠢᠨ ᠪᠠᠲᠤᠯᠠᠭ᠎ᠠ ᠬᠠᠩᠭᠠᠬᠤ ᠳᠤ ᠪᠡᠯᠡᠬᠡᠨ ᠪᠠᠶᠢᠨ᠎ᠠ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ