ᠬᠡᠰᠢᠭᠲᠡᠨ ᠬᠤᠰᠢᠭᠤᠨ ᠤ ᠵᠠᠮ ᠬᠠᠷᠢᠯᠴᠠᠭᠠᠨ ᠤ ᠴᠠᠭᠳᠠᠭ᠎ᠠ ᠵᠢᠭᠤᠯᠴᠢᠯᠠᠯ ᠤᠨ ᠣᠷᠭᠢᠯ ᠤᠨ ᠬᠤᠭᠤᠴᠠᠭ᠎ᠠ ᠶᠢ ᠪᠥᠬᠦ ᠬᠦᠴᠦᠨ ᠢᠶᠠᠷ ᠢᠶᠠᠨ ᠠᠷᠭᠠᠴᠠᠪᠠ
ᠨᠡᠶᠢᠲᠡᠯᠡᠭᠰᠡᠨ ᠴᠠᠭ᠄
2024/8/20
      ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠵᠢᠭᠤᠯᠴᠢᠯᠠᠯ ᠤᠨ ᠤᠯᠠᠷᠢᠯ ᠤᠨ ᠵᠠᠮ ᠬᠠᠷᠢᠯᠴᠠᠭᠠᠨ ᠤ ᠳᠠᠷᠤᠯᠲᠠ ᠨᠡᠮᠡᠭᠳᠡᠵᠦ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠦᠵᠡᠮᠵᠢ ᠶᠢᠨ ᠣᠷᠣᠨ ᠤ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠡᠮᠬᠢ ᠳᠢᠭᠯᠢᠮ ᠤᠨ ᠬᠠᠮᠢᠶᠠᠷᠤᠯᠲᠠ ᠶᠢ ᠴᠢᠩᠭᠠᠳᠬᠠᠵᠤ᠂ ᠣᠷᠭᠢᠯ ᠤᠨ ᠴᠠᠭ ᠲᠤ ᠵᠠᠯᠠᠵᠤ ᠵᠢᠯᠣᠭᠤᠳᠬᠤ᠂ ᠰᠤᠯᠠ ᠴᠠᠭ ᠲᠤ ᠲᠣᠭᠤᠷᠢᠨ ᠪᠠᠶᠢᠴᠠᠭᠠᠬᠤ᠂ ᠵᠢᠵᠢᠭᠦᠷᠯᠡᠬᠦ ᠴᠠᠭ ᠢᠶᠠᠨ ᠤᠷᠲᠤᠳᠬᠠᠵᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠭᠤᠤᠯᠳᠠᠯᠭ᠎ᠠ ᠲᠠᠢ ᠵᠠᠮ ᠤᠨ ᠬᠡᠰᠡᠭ ᠤᠨ ᠵᠠᠮ ᠬᠠᠷᠢᠯᠴᠠᠭᠠᠨ ᠤ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠠᠷᠢᠬᠢ ᠤᠤᠭᠤᠵᠤ ᠰᠣᠭᠲᠣᠭᠤ ᠪᠠᠷ ᠲᠡᠷᠭᠡ ᠵᠢᠯᠣᠭᠤᠳᠬᠤ᠂ ᠫᠠᠶᠢᠰᠠ ᠲᠡᠮᠳᠡᠭ ᠲᠤ ᠬᠤᠯᠪᠣᠭᠳᠠᠬᠤ᠂ ᠲᠣᠭᠲᠠᠭᠰᠠᠨ ᠬᠥᠮᠦᠨ ᠤ ᠲᠤᠭ᠎ᠠ ᠠᠴᠠ ᠬᠡᠲᠦᠷᠡᠭᠦᠯᠬᠦ᠂ ᠲᠣᠭᠲᠠᠭᠰᠠᠨ ᠠᠴᠢᠶ᠎ᠠ ᠠᠴᠠ ᠬᠡᠲᠦᠷᠡᠭᠦᠯᠬᠦ᠂ ᠶᠠᠳᠠᠷᠠᠭᠤ ᠪᠠᠷ ᠲᠡᠷᠭᠡ ᠵᠢᠯᠣᠭᠤᠳᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠨᠠᠭᠠᠰᠢ ᠴᠠᠭᠠᠰᠢ ᠥᠩᠭᠡᠷᠡᠬᠦ ᠲᠡᠷᠭᠡ ᠬᠥᠰᠬᠡ ᠶᠢᠨ ᠵᠢᠯᠣᠭᠤᠴᠢ ᠳᠤ ᠰᠡᠷᠡᠮᠵᠢᠯᠡᠭᠦᠯᠬᠦ ᠬᠥᠮᠦᠵᠢᠯ ᠪᠠ ᠠᠮᠤᠷ ᠲᠦᠪᠰᠢᠨ ᠤ ᠰᠠᠨᠠᠭᠤᠯᠤᠮᠵᠢ ᠥᠭᠴᠦ᠂ ᠵᠢᠭᠤᠯᠴᠢᠯᠠᠯ ᠤᠨ ᠲᠡᠷᠭᠡ ᠬᠥᠰᠬᠡ ᠳᠤ ᠵᠠᠮ ᠤᠨ ᠵᠢᠯᠣᠭᠤᠳᠤᠮᠵᠢ ᠬᠠᠩᠭᠠᠵᠤ᠂ ᠵᠢᠭᠤᠯᠴᠢᠯᠠᠯ ᠤᠨ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠪᠠ᠃
b7b1b8ce5e778c20868cc9cdd2eae59.jpg
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ