ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠦᠬᠠᠶ ᠨᠠᠭᠤᠷ ᠤᠨ ᠤᠰᠤᠨ ᠣᠷᠣᠨ ᠤ  ︽ᠭᠤᠷᠪᠠ ᠥᠬᠡᠶ︾ ᠣᠩᠭᠤᠴᠠ ᠰᠠᠯ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ ᠠᠬᠢᠭᠤᠯᠪᠠ
ᠨᠡᠶᠢᠲᠡᠯᠡᠭᠰᠡᠨ ᠴᠠᠭ᠄
2024/8/20
      ᠦᠬᠠᠶ ᠨᠠᠭᠤᠷ ᠤᠨ ᠤᠰᠤᠨ ᠣᠷᠣᠨ ᠤ ᠠᠮᠤᠷ ᠲᠦᠪᠰᠢᠨ ᠤ ᠬᠠᠮᠢᠶᠠᠷᠤᠯᠲᠠ ᠶᠢ ᠦᠨᠡᠨ ᠬᠦ ᠴᠢᠩᠭᠠᠳᠬᠠᠨ᠂ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠡᠮᠬᠢ ᠵᠢᠷᠤᠮ ᠢ ᠵᠢᠷᠤᠮᠵᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠦᠬᠠᠶ ᠬᠤᠲᠠ ᠶᠢᠨ ᠪᠢᠨ ᠾᠧ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠤᠰᠤᠨ ᠳᠡᠭᠡᠷᠡᠬᠢ ᠴᠠᠭᠳᠠᠭ᠎ᠠ ᠶᠢᠨ ᠶᠡᠭᠡ ᠠᠩᠭᠢ ᠦᠬᠠᠶ ᠨᠠᠭᠤᠷ ᠤᠨ ᠤᠰᠤᠨ ᠳᠡᠭᠡᠷᠡᠬᠢ ᠡᠮᠬᠢ ᠳᠢᠭᠯᠢᠮ ᠢ ᠴᠡᠪᠡᠷᠰᠢᠭᠦᠯᠬᠦ ᠪᠠᠷ ᠬᠠᠷᠠᠯᠲᠠ ᠪᠣᠯᠭᠠᠵᠤ᠂ ︽ᠭᠤᠷᠪᠠᠨ ᠣᠯᠠᠨ ᠭᠤᠷᠪᠠᠨ ᠥᠨᠳᠥᠷ︾ ᠠᠷᠭ᠎ᠠ ᠬᠡᠮᠵᠢᠶ᠎ᠡ ᠪᠠᠷ ᠭᠠᠷᠳᠠᠴᠠ ᠪᠣᠯᠭᠠᠵᠤ᠂ ᠦᠬᠠᠶ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ ᠶᠢᠨ ᠲᠡᠯᠡᠶ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠥᠯ ᠤᠨ ᠴᠠᠭᠳᠠᠭ᠎ᠠ ᠶᠢᠨ ᠰᠠᠯᠪᠤᠷᠢ ᠠᠩᠭᠢ ᠵᠡᠷᠭᠡ ᠰᠠᠯᠠᠭ᠎ᠠ ᠮᠥᠴᠢᠷ ᠲᠠᠢ ᠪᠠᠶᠢᠩᠭᠤ ᠬᠤᠯᠪᠣᠭᠠᠯᠠᠵᠤ᠂ ᠦᠬᠠᠶ ᠨᠠᠭᠤᠷ ᠤᠨ ᠪᠠᠷᠠᠭᠤᠨ ᠡᠷᠭᠢ ᠪᠠᠷ ︽ᠭᠤᠷᠪᠠ ᠥᠬᠡᠶ︾ ᠣᠩᠭᠤᠴᠠ ᠰᠠᠯ ᠳᠤ ᠬᠠᠤᠯᠢ ᠬᠡᠷᠡᠭᠵᠢᠭᠦᠯᠬᠦ ᠬᠠᠮᠲᠤᠷᠠᠭᠰᠠᠨ ᠠᠵᠢᠯᠯᠠᠭ᠎ᠠ ᠥᠷᠨᠢᠭᠦᠯᠦᠨ᠂ ᠲᠤᠰᠬᠠᠶ ᠴᠡᠭᠴᠡᠯᠡᠨ ᠵᠠᠰᠠᠬᠤ ᠪᠠᠷ ᠳᠠᠮᠵᠢᠭᠤᠯᠤᠨ ᠤᠰᠤᠨ ᠳᠡᠭᠡᠷᠡᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠪᠡ᠃
微信图片_20240815174949.jpg
      ᠦᠬᠠᠶ ᠬᠤᠲᠠ ᠶᠢᠨ ᠪᠢᠨ ᠾᠧ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠭᠤᠣᠯᠳᠠᠯᠭ᠎ᠠ ᠲᠠᠢ ᠣᠷᠣᠨ ᠪᠠᠶᠢᠷᠢ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠲᠤᠰᠬᠠᠶ ᠰᠡᠳᠦᠪᠲᠦ ᠬᠤᠷᠠᠯ ᠢ ᠣᠯᠠᠨ ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ ᠰᠤᠳᠤᠯᠤᠨ ᠪᠠᠶᠢᠷᠢᠯᠠᠭᠤᠯᠵᠤ᠂ ᠦᠬᠠᠶ ᠨᠠᠭᠤᠷ ᠤᠨ ᠤᠰᠤᠨ ᠣᠷᠣᠨ ᠳᠤ ᠭᠦᠨᠵᠡᠭᠡᠶᠢᠷᠡᠨ ᠰᠢᠪᠠᠳᠠᠨ ᠵᠢᠯᠣᠭᠤᠳᠴᠤ ᠪᠠᠶᠢᠴᠠᠭᠠᠵᠤ᠂ ︽ᠭᠤᠷᠪᠠ ᠥᠬᠡᠶ︾ ᠣᠩᠭᠤᠴᠠ ᠰᠠᠯ ᠤᠨ ᠠᠵᠢᠯᠯᠠᠭᠠᠨ ᠤ ᠣᠷᠣᠨ ᠪᠦᠰᠡ ᠶᠢ ᠬᠥᠳᠡᠯᠦᠩᠭᠦᠶ ᠪᠠᠷ ᠡᠵᠡᠮᠰᠢᠨ᠂ ᠲᠡᠯᠡᠶ ᠶᠢᠨ ᠶᠠᠪᠤᠳᠠᠯ᠂ ᠵᠢᠭᠠᠰᠤᠨ ᠤ ᠶᠠᠪᠤᠳᠠᠯ᠂ ᠬᠠᠲᠤᠨ ᠭᠤᠤᠯ ᠤᠨ ᠬᠠᠶᠢᠷᠤᠪ ᠤᠨ ᠲᠤᠬᠤᠢ ᠶᠢᠨ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠠᠵᠢᠯ ᠦᠢᠯᠡᠰ ᠤᠨ ᠬᠥᠭᠵᠢᠯᠲᠡ ᠶᠢᠨ ᠲᠥᠪ ᠵᠡᠷᠭᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠬᠠᠮᠵᠢᠯᠴᠠᠬᠤ ᠶᠠᠪᠤᠳᠠᠯ ᠢ ᠪᠥᠬᠦ ᠲᠠᠯ᠎ᠠ ᠪᠠᠷ ᠲᠥᠯᠥᠪᠯᠡᠨ᠂ ᠬᠠᠤᠯᠢ ᠬᠡᠷᠡᠭᠵᠢᠭᠦᠯᠬᠦ ᠬᠠᠮᠵᠢᠯᠴᠠᠭ᠎ᠠ ᠪᠠᠨ ᠴᠢᠩᠭᠠᠳᠬᠠᠵᠤ᠂ ᠰᠠᠯᠠᠭ᠎ᠠ ᠮᠥᠴᠢᠷ ᠠᠯᠤᠰᠯᠠᠭᠰᠠᠨ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠣᠶ  ᠪᠣᠯᠭᠠᠨ᠂ ︽ᠭᠤᠷᠪᠠ ᠥᠬᠡᠶ︾ ᠣᠩᠭᠤᠴᠠ ᠰᠠᠯ ᠳᠤ ᠴᠣᠬᠢᠯᠲᠠ ᠥᠭᠬᠦ ᠬᠠᠤᠯᠢ ᠬᠡᠷᠡᠭᠵᠢᠭᠦᠯᠬᠦ ᠹᠷᠣᠨᠲ ᠢ ᠪᠣᠶ ᠪᠤᠯᠭᠠᠪᠠ᠃
微信图片_20240815174953.jpg
      ᠵᠤᠨ ᠠᠴᠠ ᠡᠬᠢᠯᠡᠨ᠂ ᠦᠬᠠᠢ ᠬᠤᠳᠠ ᠶᠢᠨ ᠪᠢᠨ ᠡᡁᠧ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠭᠤᠣᠯᠳᠠᠯᠭ᠎ᠠ ᠲᠠᠢ ᠴᠠᠭ᠂ ᠭᠤᠣᠯᠳᠠᠯᠭ᠎ᠠ ᠲᠠᠢ ᠤᠰᠤᠨ ᠣᠷᠣᠨ ᠢ ᠴᠢᠩᠭ᠎ᠠ ᠠᠩᠬᠠᠷᠴᠤ᠂ ᠵᠢᠯᠣᠭᠤᠴᠢ ᠦᠭᠡᠢ ᠨᠢᠰᠬᠡᠯ ᠢᠶᠠᠷ ᠦᠭᠡ ᠶᠠᠷᠢᠬᠤ᠂ ᠰᠡᠷᠡᠮᠵᠢ ᠶᠢᠨ ᠫᠠᠶᠢᠰᠠ ᠪᠠᠷ ᠴᠡᠭ ᠲᠣᠭᠲᠠᠭᠠᠨ ᠰᠠᠨᠠᠭᠤᠯᠬᠤ᠂ ᠤᠰᠤᠨ ᠳᠡᠭᠡᠷ᠎ᠡ ᠬᠠᠮᠲᠤᠷᠠᠨ ᠬᠠᠤᠯᠢ ᠬᠡᠷᠡᠭᠵᠢᠭᠦᠯᠬᠦ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠦᠬᠠᠢ ᠨᠠᠭᠤᠷ ᠤᠨ ᠤᠰᠤᠨ ᠣᠷᠣᠨ ᠳᠤ ᠲᠣᠭᠤᠷᠢᠨ ᠪᠠᠶᠢᠴᠠᠭᠠᠵᠤ ᠴᠣᠬᠢᠯᠲᠠ ᠥᠭᠴᠦ᠂ ᠬᠠᠤᠯᠢ ᠪᠤᠰᠤ ᠪᠠᠷ ᠠᠶᠠᠯᠠᠬᠤ ᠣᠩᠭᠤᠴᠠ ᠶᠢ ᠬᠠᠤᠯᠢ ᠶᠣᠰᠣᠭᠠᠷ ᠦᠯᠡᠳᠡᠭᠡᠨ ᠠᠪᠬᠤ ᠶᠢᠨ ᠬᠠᠮᠲᠤ ᠤᠰᠤᠨ ᠳᠤ ᠴᠠᠴᠠᠬᠤ ᠪᠠ ᠤᠰᠤᠨ ᠳᠡᠭᠡᠷᠡᠬᠢ ᠠᠳᠡᠯ ᠭᠠᠷᠬᠤ ᠶᠢ ᠴᠢᠩᠭ᠎ᠠ ᠰᠡᠷᠭᠡᠶᠢᠯᠡᠪᠡ᠃ ᠠᠵᠢᠯᠯᠠᠭ᠎ᠠ ᠡᠬᠢᠯᠡᠭᠰᠡᠨ ᠠᠴᠠ ᠨᠠᠭᠠᠰᠢ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠨᠡᠶᠢᠲᠡ 10 ᠭᠠᠷᠤᠶ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠬᠠᠤᠯᠢ ᠲᠣᠭᠲᠠᠭᠠᠯ ᠢ ᠵᠥᠷᠢᠴᠡᠨ ᠬᠠᠤᠯᠢ ᠴᠠᠭᠠᠵᠠ ᠶᠢ ᠵᠥᠷᠢᠴᠡᠨ ᠠᠶᠠᠯᠠᠭᠰᠠᠨ ᠮᠣᠲ᠋ᠣᠷᠲᠤ ᠣᠩᠭᠤᠴᠠ ᠶᠢ 10 ᠭᠠᠷᠤᠶ ᠪᠠᠶᠢᠴᠠᠭᠠᠨ ᠭᠠᠷᠭᠠᠵᠠᠶ᠃      ᠳᠠᠷᠠᠭᠠᠴᠢ ᠶᠢᠨ ᠠᠯᠬᠤᠮ ᠳᠤ᠂ ᠦᠬᠠᠢ ᠬᠤᠳᠠ ᠶᠢᠨ ᠪᠢᠨ ᠡᡁᠧ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠦᠬᠠᠢ ᠨᠠᠭᠤᠷ ᠤᠨ ᠤᠰᠤᠨ ᠣᠷᠣᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠠᠶᠢᠳᠠᠯ ᠢ ᠦᠷᠭᠦᠯᠵᠢᠯᠡᠨ ᠪᠠᠲᠤᠯᠠᠵᠤ᠂ ᠡᠯ᠎ᠡ ᠲᠦᠷᠦᠯ ᠤᠨ ᠣᠩᠭᠤᠴᠠ ᠰᠠᠯ᠂ ᠬᠥᠮᠦᠰ ᠤᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠲᠠᠰᠤᠷᠠᠯᠳᠡ ᠦᠭᠡᠢ ᠴᠢᠩᠭᠠᠳᠬᠠᠵᠤ᠂ ︽ᠲᠠᠯᠠᠢ ᠬᠠᠭᠤᠷᠠᠢ ᠠᠭᠠᠷ︾ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠦᠬᠠᠢ ᠨᠠᠭᠤᠷ ᠤᠨ ᠤᠰᠤᠨ ᠣᠷᠣᠨ ᠤ ᠠᠮᠤᠷ ᠲᠦᠪᠰᠢᠨ ᠢ ᠬᠠᠮᠠᠭᠠᠯᠠᠨ᠎ᠠ᠃ 
ᠢᠷᠡᠯᠲᠡ᠄ ᠦᠬᠠᠢ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ