ᠦᠬᠠᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠪᠦᠬᠦ ᠤᠯᠤᠰ ᠤᠨ ᠬᠤᠶᠠᠳᠤᠭᠠᠷ ᠤᠳᠠᠭ᠎ᠠ ᠶᠢᠨ ᠵᠤᠨ ᠤ ᠰᠥᠨᠢ ᠶᠢᠨ ᠠᠮᠤᠷ ᠢ ᠬᠠᠮᠠᠭᠠᠯᠠᠬᠤ ᠴᠠᠭᠳᠠᠨ ᠪᠠᠶᠢᠴᠠᠭᠠᠬᠤ ᠤᠬᠠᠭᠤᠯᠤᠨ ᠰᠡᠷᠭᠡᠶᠢᠯᠡᠬᠦ ᠲᠥᠪᠯᠡᠷᠡᠩᠭᠦᠢ ᠨᠢᠭᠡᠳᠦᠯᠲᠡᠢ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/20
       ᠵᠤᠨ ᠤ ᠤᠯᠠᠷᠢᠯ ᠤᠨ ᠠᠮᠤᠷ ᠲᠣᠭᠲᠠᠭᠤᠨ ᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠠᠬᠢᠭᠤᠯᠵᠤ ᠂ ᠨᠡᠶᠢᠭᠡᠮ ᠤᠨ ᠲᠠᠯ᠎ᠠ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ  ᠳᠡᠭᠡᠭᠰᠢᠯᠡᠭᠦᠯᠬᠦ ᠶᠢᠨ ᠲᠥᠯᠥᠭᠡ᠂ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠣᠨ ᠤ ᠰᠥᠨᠢ ᠶᠢᠨ ᠠᠮᠤᠷ ᠢ ᠬᠠᠮᠠᠭᠠᠯᠠᠬᠤ ᠴᠠᠭᠳᠠᠨ ᠪᠠᠶᠢᠴᠠᠭᠠᠬᠤ ᠤᠬᠠᠭᠤᠯᠤᠨ ᠰᠡᠷᠭᠡᠶᠢᠯᠡᠬᠦ ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ ᠶᠢᠨ ᠲᠣᠬᠢᠷᠠᠭᠤᠯᠤᠯᠲᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠦᠬᠠᠶ ᠬᠤᠲᠠ ᠶᠢᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ 8 ᠰᠠᠷ᠎ᠠ ᠶᠢᠨ 9 ᠤ ᠡᠳᠦᠷ ᠠᠴᠠ 11 ᠤ ᠡᠳᠦᠷ ᠤᠨ ᠣᠷᠣᠶ ᠪᠦᠷᠢ ᠶᠢᠨ 19 ᠴᠠᠭ ᠠᠴᠠ ᠳᠠᠷᠠᠭ᠎ᠠ ᠡᠳᠦᠷ ᠤᠨ ᠥᠷᠯᠥᠭᠡ ᠶᠢᠨ 2 ᠴᠠᠭ ᠪᠣᠯᠲᠠᠯ᠎ᠠ᠂ ᠵᠣᠨ ᠤ ᠰᠥᠨᠢ ᠶᠢᠨ ᠠᠮᠤᠷ ᠢ ᠬᠠᠮᠠᠭᠠᠯᠠᠬᠤ ᠴᠠᠭᠳᠠᠨ ᠪᠠᠶᠢᠴᠠᠭᠠᠬᠤ ᠤᠬᠠᠭᠤᠯᠤᠨ ᠰᠡᠷᠭᠡᠶᠢᠯᠡᠬᠦ ᠬᠤᠶᠠᠳᠤᠭᠠᠷ ᠤᠳᠠᠭᠠᠨ ᠤ ᠪᠥᠬᠦ ᠤᠯᠤᠰ ᠤᠨ ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ ᠵᠢᠴᠢ ᠳᠥᠷᠪᠡᠳᠦᠭᠡᠷ ᠤᠳᠠᠭᠠᠨ ᠤ ᠪᠥᠬᠦ ᠣᠷᠣᠨ ᠤ ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃
2d2d0f9bf63625572ecfcb84f8faf7a.jpg
      ᠪᠦᠬᠦ ᠬᠤᠲᠠ ᠶᠢᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠤᠨ ᠤ ᠤᠯᠠᠷᠢᠯ ᠤᠨ ᠨᠡᠶᠢᠭᠡᠮ ᠤᠨ ᠠᠮᠤᠷ ᠲᠦᠪᠰᠢᠨ ᠤ ᠵᠢᠮ᠎ᠡ ᠣᠨᠴᠠᠯᠢᠭ  ᠲᠠᠢ ᠤᠶᠠᠯᠳᠤᠭᠤᠯᠤᠨ᠂ ᠢᠯᠡ ᠪᠠᠷ ᠴᠠᠭᠳᠠᠭ᠎ᠠ ᠬᠡᠷᠡᠭᠯᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠡᠭᠡᠯᠢ ᠭᠤᠳᠤᠮᠵᠢ᠂ ᠭᠤᠤᠯᠳᠠᠯᠭ᠎ᠠ ᠲᠠᠢ ᠵᠠᠮ ᠤᠨ ᠬᠡᠰᠡᠭ᠂ ᠭᠤᠤᠯᠳᠠᠯᠭ᠎ᠠ ᠲᠠᠢ ᠬᠡᠰᠡᠭ᠂ ᠬᠥᠮᠦᠨ ᠣᠯᠠᠨ ᠴᠤᠭᠯᠠᠷᠠᠭᠰᠠᠨ ᠲᠠᠯᠠᠪᠤᠷ ᠤᠨ ᠨᠡᠶᠢᠭᠡᠮ ᠤᠨ ᠠᠮᠤᠷ ᠲᠦᠪᠰᠢᠨ ᠤ ᠲᠣᠭᠤᠷᠢᠨ ᠪᠠᠶᠢᠴᠠᠭᠠᠵᠤ ᠤᠬᠠᠭᠤᠯᠤᠨ ᠰᠡᠷᠭᠡᠶᠢᠯᠡᠬᠦ ᠶᠢ ᠪᠥᠬᠦ ᠬᠦᠴᠦᠨ ᠢᠶᠠᠷ ᠢᠶᠠᠨ ᠴᠢᠩᠭᠠᠳᠬᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠠᠷᠢᠯᠭᠠᠨ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠬᠢᠬᠦ ᠶᠢ ᠰᠦᠷᠳᠡᠭᠦᠯᠦᠨ᠂ ᠪᠥᠬᠦ ᠬᠤᠲᠠ ᠶᠢᠨ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠰᠠᠶᠢᠵᠢᠷᠠᠬᠤ ᠶᠢ ᠳᠥᠯᠭᠢᠨ ᠠᠬᠢᠭᠤᠯᠵᠤ᠂ ᠠᠷᠠᠳ ᠣᠯᠠᠨ ᠤ ᠲᠠᠶᠢᠪᠤᠩᠲᠤ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃
06b02b739d0190f81e0ec2a6a95e7ff.jpg
beebd4d31d2cf2a3d21f57f1d2c7b22.jpg
      ᠠᠵᠢᠯᠯᠠᠭ᠎ᠠ ᠶᠢᠨ ᠬᠤᠭᠤᠴᠠᠭᠠᠨ ᠳᠤ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠡᠶᠢᠲᠡ 1632 ᠴᠠᠭᠳᠠᠭᠠᠨ ᠤ ᠬᠦᠴᠦᠨ᠂ 434 ᠴᠠᠭᠳᠠᠭᠠᠨ ᠤ ᠲᠡᠷᠭᠡ ᠬᠥᠳᠡᠯᠭᠡᠵᠦ᠂ 874 ᠣᠯᠠᠨ ᠲᠦᠮᠡᠨ ᠤ ᠰᠡᠷᠭᠡᠶᠢᠯᠡᠨ ᠵᠠᠰᠠᠬᠤ ᠬᠦᠴᠦᠨ ᠢ ᠳᠠᠶᠢᠴᠢᠯᠠᠨ᠂ ᠶᠡᠷᠦᠩᠬᠡᠶᠢᠯᠡᠨ ᠪᠠᠶᠢᠴᠠᠭᠠᠨ ᠡᠵᠡᠮᠳᠡᠬᠦ᠂ ᠵᠠᠮ ᠬᠠᠷᠢᠯᠴᠠᠭ᠎ᠠ ᠶᠢ ᠴᠡᠭᠴᠡᠯᠡᠨ ᠵᠠᠰᠠᠬᠤ ᠵᠡᠷᠭᠡ 22 ᠬᠤᠷᠢᠭ᠎ᠠ ᠴᠡᠭ ᠭᠠᠷᠭᠠᠪᠠ︔ ᠨᠡᠶᠢᠭᠡᠮ ᠳᠡᠭᠡᠷᠡᠬᠢ 2230 ᠮᠠᠰᠢᠨ ᠲᠡᠷᠭᠡ᠂ 1667 ᠨᠡᠭᠦᠳᠡᠯ ᠬᠥᠮᠦᠨ ᠠᠮᠠ᠂ 3325 ᠰᠡᠵᠢᠭᠯᠡᠯᠲᠡᠶ ᠬᠥᠮᠦᠨ ᠂ ᠵᠤᠭ᠎ᠠ ᠴᠡᠩᠭᠡᠯ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠢ 303 ᠪᠠᠶᠢᠴᠠᠭᠠᠵᠤ᠂ 587 ᠭᠤᠤᠯᠳᠠᠯᠭ᠎ᠠ ᠲᠠᠢ ᠭᠠᠵᠠᠷ ᠢ ᠲᠣᠭᠤᠷᠢᠨ ᠪᠠᠶᠢᠴᠠᠭᠠᠵᠤ᠂ 118 ᠠᠮᠤᠷ ᠲᠦᠪᠰᠢᠨ ᠤ ᠳᠠᠯᠳᠠ ᠬᠡᠮ ᠢ ᠴᠡᠭᠴᠡᠯᠡᠨ ᠵᠠᠰᠠᠵᠤ᠂ ᠡᠯ᠎ᠡ ᠵᠦᠢᠯ ᠤᠨ ᠰᠤᠮᠤ ᠶᠢ 80 ᠪᠠᠶᠢᠴᠠᠭᠠᠨ ᠣᠯᠵᠠᠯᠠᠪᠠ︔ ᠡᠯ᠎ᠡ ᠲᠥᠷᠥᠯ ᠤᠨ ᠡᠷᠡᠭᠦᠤ ᠶᠢᠨ ᠬᠡᠷᠡᠭ ᠨᠡᠶᠢᠲᠡ 34᠂ ︽ᠱᠠᠯᠢᠭ ᠵᠠᠪᠬᠠᠶ᠂ ᠵᠣᠭᠤᠰ ᠮᠥᠷᠦ᠋ᠢᠴᠡᠬᠦ᠂ ᠬᠤᠤᠷᠲᠤ ᠡᠳ᠋ ᠫᠠᠨᠽᠠᠯᠠᠬᠤ︾ ᠬᠠᠤᠯᠢ ᠶᠢ ᠵᠥᠷᠢᠴᠡᠭᠰᠡᠨ ᠶᠠᠯᠠᠲᠤ ᠬᠡᠷᠡᠭ ᠢ 15 ᠢᠯᠡᠷᠡᠭᠦᠯᠵᠦ᠂ ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠶ 71 ᠬᠥᠮᠦᠨ᠂ ᠤᠷᠭᠤᠨ ᠳᠤᠲᠠᠭᠠᠭᠰᠠᠳ ᠢ 2 ᠪᠠᠷᠢᠪᠴᠢᠯᠠᠪᠠ︔ ᠠᠷᠢᠬᠢ ᠤᠤᠭᠤᠵᠤ ᠲᠡᠷᠭᠡ ᠵᠢᠯᠣᠭᠤᠳᠤᠭᠰᠠᠨ᠂ ᠰᠣᠭᠲᠣᠭᠤ ᠪᠠᠷ ᠲᠡᠷᠭᠡ ᠵᠢᠯᠣᠭᠤᠳᠤᠭᠰᠠᠨ᠂ ᠵᠡᠭᠡᠯᠢ ᠭᠤᠳᠤᠮᠵᠢ ᠶᠢ ᠦᠢᠮᠡᠭᠦᠯᠵᠦ ᠠᠷᠠᠳ ᠢ ᠲᠦᠢᠪᠡᠭᠡᠭᠰᠡᠨ᠂ ︽ᠭᠤᠷᠪᠠ ᠶᠢ ᠬᠡᠲᠦᠷᠡᠭᠦᠯᠦᠨ ᠶᠠᠳᠠᠷᠠᠭᠤ ᠪᠠᠷ ᠲᠡᠷᠭᠡ ᠵᠢᠯᠣᠭᠤᠳᠬᠤ︾ ᠵᠡᠷᠭᠡ ᠵᠠᠮ ᠬᠠᠷᠢᠯᠴᠠᠭᠠᠨ ᠤ ᠡᠯ᠎ᠡ ᠲᠥᠷᠥᠯ ᠤᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠡᠶᠢᠲᠡ 2 ᠪᠠᠶᠢᠴᠠᠭᠠᠨ ᠰᠢᠢᠳᠪᠦᠷᠢᠯᠡᠵᠦ᠂ ᠵᠠᠮ ᠬᠠᠷᠢᠯᠴᠠᠭᠠᠨ ᠤ ᠪᠤᠰᠤᠳ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠡᠶᠢᠲᠡ 614 ᠪᠠᠶᠢᠴᠠᠭᠠᠨ ᠰᠢᠢᠳᠪᠦᠷᠢᠯᠡᠪᠡ᠃ 
ᠢᠷᠡᠯᠲᠡ᠄ ᠦᠬᠠᠢ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ