ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠣᠯᠤᠨ ᠠᠯᠠᠱᠠ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠳᠠᠭᠠᠨ ᠤ ᠶᠠᠪᠤᠳᠠᠯ ᠤᠨ ᠬᠠᠮᠵᠢᠯᠴᠠᠭᠠᠨ ᠤ ᠪᠦᠳᠦᠭᠦᠪᠴᠢ ᠬᠡᠯᠡᠯᠴᠡᠭᠡᠷ ᠲᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/8/21
     7 ᠰᠠᠷ᠎ᠠ ᠶᠢᠨ 19 ᠤ ᠦᠳᠡ ᠶᠢᠨ ᠬᠤᠶᠢᠨ᠎ᠠ᠂ ︽ᠠᠯᠠᠱᠠ ᠠᠶᠢᠮᠠᠭ · ᠦᠬᠠᠶ ᠬᠤᠲᠠ ᠶᠢᠨ ᠣᠷᠣᠨ ᠪᠦᠰᠡ ᠶᠢᠨ ᠴᠢᠨᠠᠷ ᠰᠠᠶᠢᠲᠠᠶ ᠬᠠᠮᠵᠢᠯᠴᠠᠨ ᠬᠥᠭᠵᠢᠬᠦ ᠬᠠᠮᠲᠤᠷᠠᠯᠴᠠᠭᠠᠨ ᠤ ᠬᠡᠯᠡᠯᠴᠡᠭᠡᠷ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠬᠤᠶᠠᠷ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠤᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠪᠦᠷᠢᠯᠳᠦᠭᠦᠯᠬᠦ᠂ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠰᠢᠨ᠎ᠡ ᠪᠠᠶᠢᠷᠢᠰᠢᠯ ᠢ ᠭᠦᠨᠵᠡᠭᠡᠶᠢᠷᠡᠭᠦᠯᠬᠦ᠂ ᠬᠠᠮᠲᠤᠷᠠᠯᠴᠠᠭᠠᠨ ᠤ ᠲᠣᠭᠲᠠᠴᠠ ᠶᠢ ᠴᠢᠨᠠᠭᠰᠢᠳᠠ ᠨᠠᠶᠢᠳᠠᠪᠤᠷᠢᠵᠢᠭᠤᠯᠬᠤ ᠪᠠ ᠬᠠᠮᠲᠤᠷᠠᠯᠴᠠᠭᠠᠨ ᠤ ᠠᠭᠤᠯᠭ᠎ᠠ ᠶᠢ ᠪᠠᠶᠠᠯᠢᠭᠵᠢᠭᠤᠯᠬᠤ ᠶᠢᠨ ᠲᠥᠯᠥᠭᠡ᠂ ᠠᠯᠠᠱᠠ ᠠᠶᠢᠮᠠᠭ ᠤᠨ ᠳᠡᠳ᠋ ᠳᠠᠷᠤᠭ᠎ᠠ᠂ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ  ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠯᠢ ᠵᠢᠶᠦ᠋ᠨ ᠪᠦᠯᠬᠦᠮ ᠳᠠᠭᠠᠭᠤᠯᠤᠨ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠦ ᠴᠠᠭᠳᠠᠭᠠᠨ ᠤ ᠶᠠᠪᠤᠳᠠᠯ ᠤᠨ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠶᠢᠨ ᠬᠠᠮᠲᠤ ᠴᠠᠭᠳᠠᠭᠠᠨ ᠤ ᠶᠠᠪᠤᠳᠠᠯ ᠤᠨ ᠬᠠᠮᠵᠢᠯᠴᠠᠭᠠᠨ ᠤ ᠪᠦᠳᠦᠭᠦᠪᠴᠢ ᠬᠡᠯᠡᠯᠴᠡᠭᠡᠷ ᠲᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠳᠠᠭᠤᠯᠪᠠ᠃ ᠦᠬᠠᠢ ᠬᠤᠳᠠ ᠶᠢᠨ ᠳᠡᠳ᠋ ᠳᠠᠷᠤᠭ᠎ᠠ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠵᠠᠩ ᠸᠧᠢ ᠪᠠᠷ᠎ᠠ ᠪᠤᠯᠵᠤ ᠰᠠᠨᠠᠯ ᠢᠶᠠᠨ ᠰᠣᠯᠢᠯᠴᠠᠭᠰᠠᠨ ᠪᠥᠭᠡᠳ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃
微信图片_20240815175542.png
      ᠬᠤᠷᠠᠯ ᠠᠴᠠ᠂ ᠣᠶᠢᠷ᠎ᠠ ᠶᠢᠨ ᠵᠢᠯ ᠠᠴᠠ ᠨᠠᠭᠠᠰᠢ ᠬᠤᠶᠠᠷ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠴᠠᠭᠳᠠᠭᠠᠨ ᠤ ᠶᠠᠪᠤᠳᠠᠯ ᠤᠨ ᠠᠵᠢᠯ ᠤᠨ ᠲᠠᠯ᠎ᠠ ᠪᠠᠷ ᠭᠦᠨᠵᠡᠭᠡᠶ ᠬᠠᠮᠲᠤᠷᠠᠨ ᠠᠵᠢᠯᠯᠠᠵᠤ᠂ ᠬᠤᠶᠠᠷ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠣᠳᠠᠲᠤ ᠳᠠᠶᠢᠨ ᠤ ᠠᠵᠢᠯ ᠳᠤ ᠪᠦᠲᠦᠮᠵᠢᠲᠡᠶ ᠪᠠᠷ ᠦᠢᠯᠡᠴᠢᠯᠡᠭᠰᠡᠨ ᠪᠠᠶᠢᠨ᠎ᠠ᠃ ᠬᠤᠶᠠᠷ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠲᠤᠰ ᠤᠳᠠᠭ᠎ᠠ ᠶᠢᠨ ᠴᠠᠭᠳᠠᠭᠠᠨ ᠤ ᠶᠠᠪᠤᠳᠠᠯ ᠤᠨ ᠬᠠᠮᠲᠤᠷᠠᠯᠴᠠᠭ᠎ᠠ ᠰᠣᠯᠢᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠪᠠᠶᠢᠩᠭᠤ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ ᠬᠦᠷᠢᠶ᠎ᠡ ᠪᠠᠨ ᠳᠠᠰᠤᠷᠠᠯᠳᠠ ᠦᠬᠡᠢ ᠦᠷᠭᠡᠳᠭᠡᠨ᠂ ᠣᠷᠣᠨ ᠪᠦᠰᠡ ᠶᠢᠨ ᠴᠠᠭᠳᠠᠭᠠᠨ ᠤ ᠶᠠᠪᠤᠳᠠᠯ ᠤᠨ ᠬᠠᠮᠲᠤᠷᠠᠯᠴᠠᠭ᠎ᠠ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠣᠳᠠᠲᠤ ᠳᠠᠶᠢᠨ ᠤ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠲᠤᠯᠭᠠᠭᠤᠷᠢᠯᠠᠯ ᠪᠣᠯᠭᠠᠨ᠎ᠠ ᠭᠡᠵᠦ ᠵᠢᠭᠠᠵᠤ ᠭᠠᠷᠭᠠᠪᠠ᠃      ᠬᠤᠷᠠᠯ ᠠᠴᠠ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠨᠢᠭᠲᠠᠷᠠᠭᠤᠯᠬᠤ ᠬᠡᠷᠡᠭᠲᠡᠶ᠃ ᠬᠤᠶᠠᠷ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠢᠯᠠᠩᠭᠤᠶ᠎ᠠ ᠬᠥᠷᠰᠢ ᠵᠡᠷᠭᠡᠯᠡᠳᠡᠭᠡ ᠭᠠᠵᠠᠷ ᠣᠷᠣᠨ ᠤ ᠬᠢᠨ ᠪᠦᠬᠦ ᠲᠠᠯ᠎ᠠ ᠶᠢᠨ ᠦᠵᠡᠯᠲᠡ ᠪᠠᠨ ᠦᠨᠡᠨ ᠬᠦ ᠴᠢᠩᠭᠠᠳᠬᠠᠵᠤ᠂ ᠣᠷᠣᠨ ᠪᠦᠰᠡ ᠶᠢᠨ ᠴᠠᠭᠳᠠᠭᠠᠨ ᠤ ᠶᠠᠪᠤᠳᠠᠯ ᠤᠨ ᠬᠠᠮᠵᠢᠯᠴᠠᠭ᠎ᠠ ᠶᠢᠨ ᠪᠣᠳᠠᠲᠤ ᠪᠠᠶᠢᠯᠳᠤᠭᠠᠨ ᠤ ᠪᠣᠳᠠᠲᠤ ᠦᠷ᠎ᠡ ᠪᠦᠲᠦᠮᠵᠢ ᠶᠢ ᠢᠳᠡᠪᠬᠢᠲᠡᠢ ᠪᠠᠳᠠᠷᠠᠭᠤᠯᠬᠤ ᠬᠡᠷᠡᠭᠲᠡᠢ᠃ ᠬᠠᠮᠢᠶᠠᠲᠠᠢ ᠡᠯ᠎ᠡ ᠰᠠᠯᠠᠭ᠎ᠠ ᠮᠥᠴᠢᠷ ᠡᠯ᠎ᠡ ᠴᠠᠭᠳᠠᠭᠠᠨ ᠤ ᠲᠥᠷᠥᠯ ᠤᠨ ᠬᠢᠨ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠪᠠ ᠰᠢᠨ᠎ᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠬᠠᠮᠵᠢᠯᠴᠠᠬᠤ ᠠᠭᠤᠯᠤᠭᠳᠠᠬᠤᠨ ᠢᠶᠠᠨ ᠲᠠᠰᠤᠷᠠᠯᠲᠠ ᠥᠬᠡᠶ ᠪᠠᠶᠠᠯᠢᠭᠵᠢᠭᠤᠯᠵᠤ᠂ ᠬᠠᠮᠵᠢᠯᠴᠠᠬᠤ ᠬᠦᠷᠢᠶ᠎ᠡ ᠬᠡᠪᠴᠢᠶ᠎ᠡ ᠪᠠᠨ ᠥᠷᠭᠡᠳᠬᠡᠨ᠂ ᠣᠷᠣᠨ ᠪᠦᠰᠡ ᠠᠯᠤᠰᠯᠠᠭᠰᠠᠨ ᠴᠠᠭᠳᠠᠭᠠᠨ ᠤ ᠶᠠᠪᠤᠳᠠᠯ ᠤᠨ ᠬᠠᠮᠵᠢᠯᠴᠠᠬᠤ ᠬᠦᠷᠢᠶ᠎ᠡ ᠳᠠᠪᠬᠤᠷᠭ᠎ᠠ ᠶᠢᠨ ᠰᠢᠰᠲ᠋ᠧᠮᠵᠢ ᠳᠤ ᠢᠳᠡᠪᠬᠢᠲᠡᠶ ᠠᠭᠤᠰᠤᠯᠴᠠᠵᠤ᠂ ᠠᠯᠠᠱᠠ᠂ ᠦᠬᠠᠶ ᠠᠶᠢᠮᠠᠭ ᠬᠤᠲᠠ ᠶᠢᠨ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠮᠵᠢᠯᠴᠠᠬᠤ ᠶᠡᠭᠡ ᠬᠦᠷᠢᠶ᠎ᠡ ᠳᠠᠪᠬᠤᠷᠭ᠎ᠠ ᠪᠠᠷ ᠡᠯ᠎ᠡ ᠬᠤᠪᠢᠶᠠᠷᠢ ᠲᠣᠪᠴᠢᠶ᠎ᠠ᠂ ᠴᠠᠭᠳᠠᠭᠠᠨ ᠤ ᠲᠥᠷᠥᠯ ᠤᠨ ᠪᠠᠭ᠎ᠠ ᠬᠦᠷᠢᠶ᠎ᠡ ᠳᠠᠪᠬᠤᠷᠭ᠎ᠠ ᠶᠢ ᠳᠠᠶᠢᠴᠢᠯᠠᠨ᠂ ᠡᠯ᠎ᠡ ᠱᠠᠲᠤ ᠳᠠᠪᠬᠤᠷᠭ᠎ᠠ  ᠶᠢᠨ ᠰᠢᠰᠲ᠋ᠧᠮᠵᠢ ᠶᠢᠨ  ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠬᠤᠯᠪᠣᠭᠠᠯᠠᠨ ᠦᠢᠯᠡᠴᠢᠯᠡᠵᠦ ᠬᠠᠮᠲᠤᠷᠠᠨ ᠬᠥᠳᠡᠯᠦᠯᠴᠡᠬᠦ ᠶᠢ ᠪᠡᠶᠡᠯᠡᠭᠦᠯᠬᠦ ᠬᠡᠷᠡᠭᠲᠡᠢ᠃ ︽ᠬᠠᠮᠲᠤ ᠶᠢᠨ ᠴᠣᠭᠴᠠ︾ ᠶᠢᠨ ᠬᠠᠷᠠᠯᠲᠠ ᠶᠢ ᠲᠣᠭᠲᠠᠭᠠᠵᠤ᠂ ᠠᠮᠤᠷ ᠠᠮᠤᠭᠤᠯᠠᠩ ᠤᠨ ᠥᠨᠳᠦᠷᠯᠢᠭ ᠭᠠᠵᠠᠷ ᠢ ᠪᠠᠶᠢᠭᠤᠯᠬᠤ ᠬᠡᠷᠡᠭᠲᠡᠢ᠃ ᠬᠤᠶᠠᠷ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠬᠤᠶᠠᠷ ᠭᠠᠵᠠᠷ ᠤᠨ ᠬᠥᠭᠵᠢᠯᠲᠡ ᠶᠢᠨ ︽ᠨᠡᠶᠢᠳᠡᠮ ᠤᠨ ᠴᠡᠭ︾ ᠪᠣᠯᠤᠨ ᠲᠤᠯᠭᠠᠷᠠᠵᠤ ᠪᠠᠶᠢᠭ᠎ᠠ︽ᠲᠦᠭᠰᠢᠭᠦᠷᠢ ᠶᠢᠨ ᠴᠡᠭ︾ ᠲᠤ ᠠᠩᠬᠠᠷᠤᠯ ᠢᠶᠠᠨ ᠲᠥᠪᠯᠡᠷᠡᠭᠦᠯᠵᠦ᠂ ᠬᠠᠮᠵᠢᠯᠴᠠᠬᠤ ᠲᠣᠭᠲᠠᠴᠠ ᠶᠢᠨ ᠪᠠᠶᠢᠩᠭᠤᠵᠢᠭᠤᠯᠤᠯᠲᠠ ᠳᠤ ᠲᠦᠰᠢᠭᠯᠡᠨ ᠰᠤᠳᠤᠯᠤᠨ ᠮᠠᠭᠠᠳᠯᠠᠵᠤ ᠵᠥᠪᠳᠡᠯᠴᠡᠬᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠲᠤᠭ᠎ᠠ ᠪᠠᠷᠢᠮᠲᠠ ᠶᠢ ᠬᠡᠷᠡᠭᠯᠡᠬᠦ ᠶᠢ ᠥᠷᠨᠢᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠤᠣᠯᠯᠠᠭᠴᠢ ᠳᠠᠶᠢᠴᠢᠨ ᠬᠦᠴᠦᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠴᠠᠭᠳᠠᠭᠠᠨ ᠤ ᠲᠥᠷᠥᠯ ᠤᠨ ᠬᠢᠨ ︽ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠯᠠᠱᠠ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠶᠠᠪᠤᠳᠠᠯ ᠤᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠤᠨ ᠠᠭᠤᠯᠭ᠎ᠠ ᠳᠤ ᠬᠠᠷᠢᠴᠠᠭᠤᠯᠤᠨ ᠭᠠᠷ ᠤᠨ ᠥᠰᠥᠭ ᠵᠢᠷᠤᠵᠤ᠂ ᠪᠦᠬᠦᠯᠢ ᠴᠣᠭᠴᠠ ᠶᠢᠨ ᠬᠠᠮᠵᠢᠯᠴᠠᠬᠤ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠬᠠᠮᠵᠢᠯᠴᠠᠬᠤ ᠦᠢᠯᠡᠳᠦᠯ ᠴᠢᠳᠠᠪᠤᠷᠢ ᠪᠠᠨ ᠪᠠᠳᠠᠷᠠᠭᠤᠯᠵᠤ᠂ ᠣᠷᠣᠨ ᠪᠦᠰᠡ ᠶᠢᠨ ᠴᠠᠭᠳᠠᠭᠠᠨ ᠤ ᠶᠠᠪᠤᠳᠠᠯ ᠤᠨ ᠠᠵᠢᠯ ᠤᠨ ᠪᠥᠬᠦ ᠲᠠᠯ᠎ᠠ ᠶᠢᠨ᠂ ᠵᠣᠬᠢᠴᠠᠩᠭᠤᠶ᠂ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠶᠢ ᠬᠠᠮᠲᠤᠪᠠᠷ ᠳᠥᠯᠭᠢᠨ ᠠᠬᠢᠭᠤᠯᠬᠤ ᠬᠡᠷᠡᠭᠲᠡᠶ᠃ ︽ᠶᠡᠬᠡᠪᠡᠷ ᠬᠠᠮᠵᠢᠯᠴᠠᠬᠤ︾ ᠰᠦᠯᠵᠢᠶ᠎ᠡ ᠶᠢ ᠪᠠᠬᠢᠵᠢᠭᠦᠯᠵᠦ᠂ ᠲᠣᠭᠲᠠᠴᠠ ᠶᠢᠨ ᠪᠠᠲᠤᠯᠠᠭ᠎ᠠ ᠶᠢ ᠰᠢᠯᠢᠳᠡᠭᠵᠢᠭᠦᠯᠬᠦ ᠬᠡᠷᠡᠭᠲᠡᠢ᠃ ᠬᠤᠶᠠᠷ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠯ᠎ᠡ ᠨᠢᠭᠡᠴᠢ ᠡᠯ᠎ᠡ ᠴᠠᠭᠳᠠᠭᠠᠨ ᠤ ᠲᠥᠷᠥᠯ ᠤᠨ ᠬᠢᠨ ᠲᠣᠰ ᠤᠳᠠᠭᠠᠨ ᠤ ᠭᠠᠷ ᠤᠨ ᠥᠰᠥᠭ ᠵᠢᠷᠤᠭᠰᠠᠨ ᠬᠡᠯᠡᠯᠴᠡᠭᠡᠷ ᠤᠨ ᠠᠭᠤᠯᠭ᠎ᠠ ᠶᠢᠨ ᠲᠣᠭᠤᠷᠢᠨ ᠳᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠣᠷᠣᠨ ᠪᠦᠰᠡ ᠠᠯᠤᠰᠯᠠᠭᠰᠠᠨ ᠴᠠᠭᠳᠠᠭᠠᠨ ᠤ ᠶᠠᠪᠤᠳᠠᠯ ᠤᠨ ᠬᠠᠮᠵᠢᠯᠴᠠᠬᠤ ᠠᠵᠢᠯᠯᠠᠭ᠎ᠠ ᠶᠢ ᠵᠢᠯ ᠪᠦᠷᠢ 2 ᠤᠳᠠᠭ᠎ᠠ ᠠᠴᠠ ᠳᠤᠲᠠᠭᠤ ᠥᠬᠡᠶ ᠥᠷᠨᠢᠭᠦᠯᠵᠦ᠂ ᠵᠣᠷᠢᠭᠲᠠᠶ ᠪᠠᠷ ᠰᠢᠨ᠎ᠡ ᠶᠢ ᠡᠭᠦᠳᠦᠨ᠂ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠳᠣᠲᠣᠭᠠᠳᠤ ᠶᠢᠨ ᠠᠵᠢᠯᠯᠠᠭᠠᠨ ᠤ ᠲᠦᠷᠢᠮ ᠤᠨ ᠵᠢᠷᠤᠮᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠴᠠᠭᠳᠠᠭᠠᠨ ᠤ ᠶᠠᠪᠤᠳᠠᠯ ᠤᠨ ᠬᠠᠮᠵᠢᠯᠴᠠᠬᠤ ᠡᠷᠬᠡ ᠪᠠ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠳᠡᠪᠰᠢᠭᠦᠯᠬᠦ᠂ ᠭᠥᠯᠢᠶᠡᠨ ᠠᠪᠬᠤ᠂ ᠭᠦᠢᠴᠡᠳᠬᠦ᠂ ᠬᠠᠷᠢᠭᠤ ᠲᠤᠰᠬᠠᠬᠤ ᠵᠡᠷᠭᠡ ᠡᠯ᠎ᠡ ᠵᠦᠢᠯ ᠤᠨ ᠭᠤᠤᠯᠳᠠᠯᠭ᠎ᠠ ᠲᠠᠢ ᠭᠤᠭᠴᠤᠭ᠎ᠠ ᠶᠢᠨ ᠠᠵᠢᠯᠯᠠᠭᠠᠨ ᠤ ᠵᠢᠷᠤᠮᠵᠢᠯ ᠢ ᠲᠡᠭᠦᠯᠳᠡᠷᠵᠢᠭᠦᠯᠦᠨ ᠨᠠᠷᠢᠯᠢᠬᠵᠢᠭᠤᠯᠵᠤ᠂ ᠲᠠᠰ ᠳᠠᠷᠠᠭᠠᠯᠠᠯ ᠤᠨ ᠴᠢᠨᠠᠷ᠂ ᠬᠠᠤᠯᠢ ᠶᠣᠰᠣᠴᠢ ᠴᠢᠨᠠᠷ ᠪᠠ ᠡᠷᠬᠡ ᠰᠦᠷᠲᠦ ᠴᠢᠨᠠᠷ ᠢ ᠪᠦᠲᠦᠮᠵᠢᠲᠡᠶ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃
微信图片_20240815175449.jpg
      ᠡᠭᠦᠨ ᠠᠴᠠ ᠭᠠᠳᠠᠨ᠎ᠠ᠂ ᠠᠯᠠᠱᠠ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠨ ᠪᠠᠰᠠ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ︽ᠴᠢᠮᠡᠭᠡ ᠮᠡᠳᠡᠭᠡ ᠵᠢᠯᠤᠭᠤᠳᠤᠯᠭ᠎ᠠ ᠠᠵᠢᠯᠯᠠᠭ᠎ᠠ︾ ᠶᠢ ᠨᠢᠭᠡ ᠴᠤᠭᠴᠠᠵᠢᠭᠰᠠᠨ ᠠᠵᠢᠯᠯᠠᠭᠠᠨ ᠤ ᠲᠣᠭᠲᠠᠴᠠ ᠪᠠ ᠲᠤᠷᠰᠢᠨ ᠪᠠᠶᠢᠴᠠᠭᠠᠬᠤ ᠲᠥᠪ ᠤᠨ ᠦᠢᠯᠡᠴᠢᠯᠡᠭᠡ ᠪᠠᠷ ᠨᠢᠭᠡᠳᠦᠭᠡᠷ ᠹᠷᠣᠨᠲ ᠤᠨ ᠪᠣᠳᠠᠲᠤ ᠲᠡᠶᠢᠨ ᠤ ᠠᠵᠢᠯ ᠢ ᠲᠤᠯᠭᠠᠭᠤᠷᠢᠯᠠᠭᠰᠠᠨ ᠬᠤᠯᠪᠣᠭᠳᠠᠯ ᠪᠥᠬᠦᠶ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ 
ᠢᠷᠡᠯᠲᠡ᠄ ᠦᠬᠠᠢ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ