ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠤᠨ ᠤ ᠤᠯᠠᠷᠢᠯ ᠤᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/21
      ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠴᠠᠭᠳᠠᠭᠠᠨ ᠤ ᠠᠵᠢᠯ ᠤᠨ ᠠᠯᠪᠠᠨ ᠭᠡᠷ ᠠᠴᠠ ᠲᠦᠷᠦᠭᠦᠯᠡᠨ ᠦᠬᠠᠶ ᠶᠢᠨ ᠴᠠᠭᠳᠠᠭᠠᠨ ᠤ ᠨᠡᠶᠢᠭᠡᠮᠯᠢᠭ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠵᠢᠯᠴᠢᠨ ᠤ ᠡᠪᠯᠡᠯ᠂ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠰᠠᠯᠠᠭ᠎ᠠ ᠲᠠᠢ ᠬᠠᠮᠲᠤᠷᠠᠨ ︽ᠰᠡᠷᠢᠭᠦᠨ ᠪᠡᠯᠡᠭ ᠬᠦᠷᠭᠡᠵᠦ᠂ ᠴᠠᠭᠳᠠᠭᠠᠨ ᠤ ᠰᠡᠳᠬᠢᠯ ᠢ ᠳᠤᠯᠠᠭᠠᠴᠠᠭᠤᠯᠬᠤ︾ ᠳᠠᠶᠢᠨ ᠤ ᠦᠶ᠎ᠡ ᠶᠢᠨ ᠲᠣᠬᠤᠨᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠨᠡᠷ ᠪᠦᠯᠬᠦᠮ ᠳᠠᠭᠠᠭᠤᠯᠤᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠠᠭᠠᠭᠢᠮ᠎ᠠ ᠬᠠᠯᠠᠭᠤᠨ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠳᠤ ᠮᠡᠨᠳᠦᠴᠢᠯᠡᠯ ᠪᠠ ᠬᠠᠶᠢᠷ᠎ᠠ ᠬᠠᠯᠠᠮᠵᠢ ᠬᠦᠷᠭᠡᠪᠡ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠤ ᠳᠠᠷᠤᠭ᠎ᠠ ᠵᠠᠩ ᠸᠧᠶ ᠲᠦᠷᠦᠭᠦᠯᠡᠨ᠂ ᠡᠯ᠎ᠡ ᠨᠠᠮ ᠤᠨ ᠬᠤᠷᠢᠶᠠᠨ ᠤ ᠪᠦᠷᠢᠯᠳᠦᠬᠦᠨ ᠨᠡᠷ ᠤᠷᠢᠳ ᠬᠤᠵᠢᠳ ᠳᠡᠭᠡᠲᠦ ᠬᠤᠷᠲᠤ ᠵᠠᠰᠠᠮᠠᠯ ᠵᠠᠮ ᠤᠨ ᠪᠣᠭᠤᠮᠲᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠬᠠᠷᠢᠭᠤᠯ ᠤᠨ ᠭᠠᠵᠠᠷ ᠤᠨ ᠬᠠᠮᠢᠶᠠᠷᠤᠯᠲᠠ ᠶᠢᠨ ᠲᠠᠯᠠᠪᠤᠷ᠂ ᠬᠤᠴᠣᠷᠭᠠᠨ ᠬᠠᠷᠠᠬᠤ ᠬᠠᠮᠢᠶᠠᠷᠤᠯᠲᠠ ᠶᠢᠨ ᠲᠥᠪ ᠪᠣᠯᠤᠨ ᠪᠦᠬᠦ ᠬᠤᠲᠠ ᠶᠢᠨ ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ ᠵᠡᠷᠭᠡ 40 ᠭᠠᠷᠤᠶ ᠨᠢᠭᠡᠴᠢ ᠰᠠᠯᠠᠭ᠎ᠠ ᠮᠥᠴᠢᠷ ᠲᠤ ᠬᠦᠷᠴᠦ᠂ ᠥᠨᠳᠥᠷ ᠬᠠᠯᠠᠭᠤᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠡᠷᠭᠢᠨ ᠦᠵᠡᠵᠦ᠂ ᠬᠠᠯᠠᠭᠤᠨ ᠢ ᠲᠠᠶᠢᠯᠬᠤ ᠤᠮᠳᠠᠭᠠᠨ᠂ ᠰᠢᠨ᠎ᠡ ᠰᠣᠷᠭᠤᠭ ᠵᠢᠮᠢᠰ ᠪᠣᠯᠤᠨ ᠬᠠᠯᠠᠭᠤᠨ ᠢ ᠰᠡᠷᠭᠡᠶᠢᠯᠡᠬᠦ ᠡᠮ ᠵᠡᠷᠭᠡ ᠲᠣᠬᠤᠨᠢᠭᠤᠯᠬᠤ ᠪᠣᠳᠠᠰ ᠬᠦᠷᠭᠡᠵᠡᠶ᠃ ᠬᠤᠴᠣᠷᠭᠠᠨ ᠬᠠᠷᠠᠬᠤ ᠬᠠᠮᠢᠶᠠᠷᠤᠯᠲᠠ ᠶᠢᠨ ᠲᠥᠪ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠠᠶᠢᠷᠤᠪ ᠤᠨ ᠲᠤᠬᠤᠢ ᠶᠢᠨ ᠶᠡᠭᠡ ᠠᠩᠭᠢ᠂ ᠪᠠᠷᠠᠭᠤᠨ ᠣᠷᠳᠣᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠵᠡᠷᠭᠡ ᠰᠠᠯᠠᠭ᠎ᠠ ᠮᠥᠴᠢᠷ ᠲᠤ᠂  ᠬᠤᠲᠠ ᠶᠢᠨ ᠳᠡᠳ᠋ ᠳᠠᠷᠤᠭ᠎ᠠ ᠵᠠᠩ ᠸᠧᠶ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠳᠤ ᠳᠣᠲᠣᠨᠣ ᠬᠠᠯᠠᠮᠵᠢᠯᠠᠯ ᠪᠠ ᠴᠢᠩ ᠰᠡᠳᠬᠢᠯ ᠤᠨ ᠮᠡᠨᠳᠦᠴᠢᠯᠡᠯ ᠬᠦᠷᠭᠡᠵᠦ ᠪᠠᠶᠢᠬᠤ ᠪᠠᠨ ᠢᠯᠡᠳᠬᠡᠭᠰᠡᠨ ᠪᠥᠭᠡᠳ ᠣᠶᠢᠷ᠎ᠠ ᠶᠢᠨ ᠡᠳᠦᠷ ᠤᠳ ᠲᠤ ᠥᠷᠭᠡᠨ ᠣᠯᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠠᠭᠠᠭᠢᠮ᠎ᠠ ᠬᠠᠯᠠᠭᠤᠨ ᠢ ᠬᠠᠶᠢᠬᠤᠷᠤᠯ ᠦᠭᠡᠶ  ᠪᠠᠷ  ᠳᠣᠲᠣᠭᠠᠳᠤ  ᠶᠢ  ᠬᠠᠮᠠᠭᠠᠯᠠᠬᠤ  ᠪᠠᠶᠢᠭᠤᠯᠭ᠎ᠠ  ᠶᠢᠨ ︽ᠵᠣᠪᠠᠭᠤᠷᠢ ᠵᠦᠳᠡᠭᠦᠷᠢ︾ ᠪᠠᠷ ᠠᠷᠠᠳ ᠲᠦᠮᠡᠨ ᠤ ︽ᠠᠮᠤᠷ ᠠᠮᠤᠭᠤᠯᠠᠩ︾ ᠢ ᠰᠣᠯᠢᠵᠤ ᠠᠪᠴᠢᠷᠠᠭᠰᠠᠨ ᠪᠠᠶᠢᠨ᠎ᠠ ᠭᠡᠵᠦ ᠢᠯᠡᠷᠬᠡᠶᠢᠯᠡᠵᠡᠶ᠃ ᠡᠭᠦᠨ ᠤ ᠵᠡᠷᠭᠡ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠵᠡᠷᠭᠡ ᠳᠤ ᠡᠷᠬᠡᠪᠰᠢ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠥᠪᠡᠷ ᠤᠨ ᠪᠡᠶ᠎ᠡ ᠶᠢᠨ ᠡᠷᠡᠭᠦᠯ ᠮᠡᠨᠳᠦ ᠪᠣᠯᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠣᠯᠠᠨ ᠳᠤ ᠵᠠᠬᠢᠭᠰᠠᠨ ᠪᠠᠶᠢᠨ᠎ᠠ᠃
微信图片_20240815174501.jpg
微信图片_20240815174407.jpg
      ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠦᠨᠳᠦᠰᠦᠨ ᠱᠠᠲᠤ ᠶᠢ ᠢᠮᠠᠭᠲᠠ ᠬᠠᠯᠠᠮᠵᠢᠯᠠᠨ ᠬᠠᠶᠢᠷᠠᠯᠠᠭᠰᠠᠭᠠᠷ ᠢᠷᠡᠭᠰᠡᠨ ᠢ ᠬᠠᠷᠠᠭᠤᠯᠵᠤ᠂ ᠪᠥᠬᠦ ᠴᠠᠭᠳᠠᠭ᠎ᠠ ᠶᠢᠨ ᠲᠡᠮᠡᠴᠡᠯ ᠤᠨ ᠵᠣᠷᠢᠭ ᠢ ᠲᠦᠢᠯ ᠤᠨ ᠶᠡᠭᠡ ᠪᠠᠷ ᠵᠣᠷᠢᠭᠵᠢᠭᠤᠯᠵᠠᠶ᠃ ᠪᠦᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠠᠴᠠ ᠬᠤᠶᠢᠰᠢᠳᠠ ᠶᠢᠨ ᠠᠵᠢᠯ ᠳᠤᠮᠳᠠ᠂ ᠨᠡᠩ ᠴᠢᠩᠭ᠎ᠠ ᠤᠯᠤᠰ ᠲᠦᠷᠦ ᠶᠢᠨ ᠡᠭᠦᠷᠭᠡᠯᠡᠯ᠂ ᠨᠡᠩ ᠥᠨᠳᠥᠷ ᠠᠵᠢᠯ ᠤᠨ ᠪᠠᠷᠢᠮᠵᠢᠶ᠎ᠠ᠂ ᠨᠡᠩ ᠪᠣᠳᠠᠲᠠᠢ ᠠᠵᠢᠯ ᠤᠨ ᠰᠤᠷᠲᠠᠯ ᠢᠶᠠᠷ᠂ ᠦᠨᠡᠨᠴᠢ ᠰᠢᠳᠤᠷᠭᠤ ᠪᠠᠷ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠦᠬᠠᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ 
ᠢᠷᠡᠯᠲᠡ᠄ ᠦᠬᠠᠢ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ