ᠣᠷᠴᠢᠮᠬᠠᠨ ᠳᠤ᠂ ᠦᠬᠠᠶ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠬᠤᠣᠷ | ᠴᠠᠭᠠᠵᠠᠯᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠬᠥᠳᠡᠭᠡ ᠲᠣᠰᠬᠤᠨ ᠳᠤ ᠭᠦᠨᠵᠡᠭᠡᠶᠢᠷᠡᠨ ᠬᠤᠣᠷᠲᠤ ᠡᠳ᠋ ᠤᠨ ᠤᠤᠯ ᠤᠷᠭᠤᠮᠠᠯ | ᠲᠠᠷᠢᠵᠤ ᠤᠷᠭᠤᠯᠬᠤ ᠪᠠᠶᠢᠳᠠᠯ ᠳᠤ ᠪᠠᠶᠢᠴᠠᠭᠠᠯᠲᠠ ᠬᠢᠪᠡ᠃ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠬᠢᠨ ᠲᠠᠷᠢᠶᠠᠨ ᠭᠠᠵᠠᠷ᠂ ᠢᠳᠡᠰᠢᠨ | ᠨᠣᠭᠤᠭ᠎ᠠ ᠶᠢᠨ ᠬᠦᠷᠢᠶᠡᠯᠡᠩ᠂ ᠰᠤᠯᠠ ᠪᠠᠶᠢᠬᠤ ᠠᠲᠠᠷ ᠭᠠᠵᠠᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠭᠦᠨᠵᠡᠭᠡᠶᠢᠷᠡᠨ ᠥᠨᠴᠥᠭ ᠪᠤᠯᠤᠩ ᠢ ᠦᠯᠡᠳᠡᠭᠡᠯ ᠦᠭᠡᠢ | ᠪᠠᠶᠢᠴᠠᠭᠠᠯᠲᠠ ᠬᠢᠵᠦ᠂ ︽ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠰᠠᠭᠤᠷᠢ ᠴᠤ ᠠᠯᠳᠠᠵᠤ ᠭᠠᠷᠭᠠᠬᠤ ᠥᠬᠡᠶ᠂ ᠥᠨᠴᠥᠭ ᠪᠤᠯᠤᠩ ᠦᠯᠡᠳᠡᠭᠡᠬᠦ ᠥᠬᠡᠶ | ︾ ᠪᠠᠶᠢᠬᠤ ᠶᠢ ᠪᠡᠶᠡᠯᠡᠭᠦᠯᠵᠦ᠂ ᠬᠤᠤᠷᠲᠤ ᠡᠳ᠋ ᠤᠨ ᠤᠤᠯ ᠤᠷᠭᠤᠮᠠᠯ ᠢ ︽ᠳᠠᠷᠢᠬᠤ ᠥᠬᠡᠶ︾ ︽ᠤᠨᠠᠯᠲᠠ ᠥᠬᠡᠶ︾ ᠪᠠᠶᠢᠯᠭᠠᠬᠤ ᠶᠢ ᠦᠨᠡᠨ ᠬᠦ ᠪᠠᠲᠤᠯᠠᠪᠠ᠃ | ᠡᠨᠡ ᠬᠤᠭᠤᠴᠠᠭᠠᠨ ᠳᠤ᠂ ᠠᠷᠠᠳ ᠤᠨ ᠴᠠᠭᠳᠠᠭ᠎ᠠ ᠣᠯᠠᠨ ᠲᠦᠮᠡᠨ ᠳᠤ ᠡᠯ᠎ᠡ ᠲᠥᠷᠥᠯ ᠤᠨ ᠬᠤᠤᠷᠲᠤ ᠡᠳ᠋ ᠤᠨ ᠤᠤᠯ ᠲᠠᠷᠢᠮᠠᠯ ᠤᠨ ᠥᠰᠥᠯᠲᠡ ᠶᠢᠨ | ᠣᠨᠴᠠᠯᠢᠭ ᠪᠠ ᠢᠯᠭᠠᠨ ᠲᠠᠨᠢᠬᠤ ᠠᠷᠭ᠎ᠠ ᠶᠢ ᠨᠠᠷᠢᠨ ᠲᠠᠨᠢᠯᠴᠠᠭᠤᠯᠵᠤ᠂ ᠬᠤᠣᠷᠲᠤ ᠡᠳ᠋ ᠤᠨ ᠤᠤᠯ ᠤᠷᠭᠤᠮᠠᠯ ᠢ ᠲᠠᠷᠢᠬᠤ ᠶᠢ ᠴᠠᠭᠠᠵᠠᠯᠠᠬᠤ ᠪᠠ ᠠᠷᠢᠯᠭᠠᠬᠤ | ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠤᠷᠲᠤ ᠡᠳ᠋ ᠤᠨ ᠤᠤᠯ ᠲᠠᠷᠢᠮᠠᠯ ᠢ ᠬᠠᠤᠯᠢ ᠪᠤᠰᠤ ᠪᠠᠷ ᠳᠠᠷᠢᠬᠤ ᠳᠤ ᠡᠭᠦᠷᠭᠡᠯᠡᠬᠦ ᠶᠣᠰᠣᠲᠠᠶ | ᠬᠠᠤᠯᠢ ᠶᠢᠨ ᠬᠠᠷᠢᠭᠤᠴᠠᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠣᠯᠠᠨ ᠲᠦᠮᠡᠨ ᠤ ᠬᠤᠤᠷᠲᠤ ᠡᠳ᠋ ᠤᠨ ᠤᠤᠯ ᠤᠷᠭᠤᠮᠠᠯ ᠢ ᠳᠠᠷᠢᠭᠰᠠᠨ ᠬᠠᠤᠯᠢ ᠶᠢ ᠵᠥᠷᠢᠴᠡᠭᠰᠡᠨ | ᠶᠠᠯᠠᠲᠤ ᠠᠵᠢᠯᠯᠠᠭ᠎ᠠ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠪᠠ᠃ |