ᠯᠢᠨ ᠾᠧ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠤᠯᠠᠭᠠᠨᠮᠥ᠋ᠴᠢᠷ ᠰᠤᠷᠭᠠᠭᠤᠯᠢ ᠶᠢᠨ ᠬᠦᠷᠢᠶᠡᠨ ᠳᠤ ᠬᠦᠷᠴᠦ ᠲᠣᠬᠤᠨᠢᠭᠤᠯᠬᠤ ᠲᠣᠭᠯᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/8/22
     6 ᠳ᠋ᠤᠭᠠᠷ ᠰᠠᠷ᠎ᠠ ᠶᠢᠨ 24 ᠤ ᠡᠳᠦᠷ᠂ ᠯᠢᠨ ᠾᠧ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠤᠯᠠᠭᠠᠨᠮᠥ᠋ᠴᠢᠷ ᠯᠢᠨ ᠾᠧ ᠲᠤᠭᠤᠷᠢᠭ ᠤᠨ ᠬᠤᠶᠠᠳᠤᠭᠠᠷ ᠳᠤᠮᠳᠠᠳᠤ ᠰᠤᠷᠭᠠᠭᠤᠯᠢ ᠳᠤ ᠬᠦᠷᠴᠦ᠂ ︽ᠳᠡᠯᠭᠡᠨ ᠦᠵᠡᠭᠦᠯᠬᠦ + ᠬᠤᠷᠰᠢᠯᠴᠠᠬᠤ + ᠲᠣᠭᠯᠠᠯᠲᠠ ᠭᠠᠷᠭᠠᠬᠤ︾ ᠬᠡᠯᠪᠡᠷᠢ ᠪᠠᠷ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠤᠨᠤᠰᠬᠤ᠂ ᠨᠠᠮ ᠢᠶᠠᠨ ᠳᠠᠭᠠᠬᠤ︾ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠪᠡᠯᠭᠡᠯᠡᠬᠦ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
IMG_3771.jpg  
    ᠠᠵᠢᠯᠯᠠᠭ᠎ᠠ ᠨᠢ ᠴᠠᠭᠳᠠᠭᠤᠯ ᠨᠣᠬᠠᠢ ᠶᠢᠨ ᠭᠤᠶᠢᠳᠠ ᠰᠠᠶᠢᠬᠠᠨ ᠲᠣᠭᠯᠠᠯᠲᠠ ᠪᠠᠷ ᠬᠥᠰᠢᠭᠡ ᠪᠠᠨ ᠰᠡᠬᠦᠵᠦ᠂ ᠴᠠᠭᠳᠠᠭᠤᠯ ᠨᠣᠬᠠᠢ ᠶᠢᠨ ᠭᠤᠶᠢᠳᠠ ᠰᠠᠶᠢᠬᠠᠨ ᠢᠯᠡᠷᠡᠯ ᠨᠢ ᠰᠤᠷᠤᠭᠴᠢᠳ ᠢ ᠬᠠᠶᠢᠷ᠎ᠠ ᠬᠦᠨᠳᠦᠳᠬᠡᠯ ᠢᠶᠠᠷ ᠪᠢᠯᠬᠠᠭᠤᠯᠵᠠᠢ︔ 8 ᠮᠣᠷᠢᠲᠤ ᠴᠠᠭᠳᠠᠭ᠎ᠠ ᠵᠢᠯᠣᠭᠤᠴᠢ ᠶᠢᠨ ᠤᠷ᠎ᠠ ᠮᠡᠷᠭᠡᠵᠢᠯ ᠢᠶᠠᠨ ᠭᠠᠶᠢᠬᠠᠭᠤᠯᠤᠭᠰᠠᠨ ᠲᠣᠭᠯᠠᠯᠲᠠ ᠶᠢ ᠳᠡᠯᠭᠡᠨ ᠦᠵᠡᠭᠦᠯᠦᠭᠰᠡᠨ ᠳᠤ ᠰᠤᠷᠤᠭᠴᠢᠳ ᠨᠢ ᠲᠡᠳᠡᠨ ᠤ ᠵᠢᠯᠣᠭᠤᠴᠢ ᠶᠢᠨ ᠪᠣᠯᠪᠠᠰᠤᠷᠠᠩᠭᠤᠶ ᠮᠡᠷᠭᠡᠵᠢᠯ ᠳᠤ ᠲᠠᠲᠠᠭᠳᠠᠵᠤ᠂ ᠥᠪᠡᠷ ᠤᠨ ᠡᠷᠬᠡ ᠦᠭᠡᠶ ᠠᠯᠠᠭ᠎ᠠ ᠲᠠᠰᠢᠨ᠂ ᠪᠠᠶᠠᠷᠯᠠᠨ ᠬᠥᠭᠡᠷᠦᠯᠳᠦᠵᠦ ᠪᠠᠶᠢᠯ᠎ᠠ᠃ ᠴᠠᠭᠳᠠᠭᠠᠨ ᠤ ᠵᠢᠯᠣᠭᠤᠴᠢ ᠦᠭᠡᠢ ᠨᠢᠰᠬᠡᠯ᠂ ᠫᠤᠤ ᠵᠡᠪᠰᠡᠭ ᠤᠨ ᠦᠵᠡᠭᠦᠯᠦᠯᠭᠡ ᠨᠢ ᠲᠤᠬᠠᠢ ᠶᠢᠨ ᠲᠠᠯᠠᠪᠠᠢ ᠶᠢᠨ ᠪᠠᠭᠰᠢ ᠰᠤᠷᠤᠭᠴᠢᠳ ᠢ ᠶᠡᠬᠡᠳᠡ ᠭᠠᠶᠢᠬᠠᠰᠢ ᠠᠯᠳᠠᠭᠤᠯᠪᠠ᠃
 IMG_4301.jpg 
    ᠦᠵᠡᠭᠦᠯᠦᠯᠭᠡ ᠳᠠᠭᠤᠰᠤᠭᠰᠠᠨ ᠤ ᠳᠠᠷᠠᠭ᠎ᠠ᠂ ᠠᠷᠠᠳ ᠤᠨ ᠴᠠᠭᠳᠠᠭ᠎ᠠ ᠠᠴᠠ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠬᠠᠤᠯᠢ᠂ ᠤᠰᠤᠨ ᠳᠤ ᠴᠠᠴᠠᠬᠤ ᠠᠴᠠ ᠰᠡᠷᠭᠡᠶᠢᠯᠡᠬᠦ᠂ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠵᠡᠷᠭᠡ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠮᠠᠰᠢ ᠰᠠᠶᠢᠨ ᠦᠷ᠎ᠡ ᠪᠦᠲᠦᠮᠵᠢ ᠣᠯᠵᠠᠶ᠃
IMG_4194.jpg  
    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠯᠢᠨ ᠾᠧ ᠶᠢᠨ ᠳᠣᠲᠣᠭᠠᠳᠤ ᠶᠢ ᠬᠠᠮᠠᠭᠠᠯᠠᠬᠤ ᠤᠯᠠᠭᠠᠨᠮᠥ᠋ᠴᠢᠷ ᠤᠨ ᠭᠡᠰᠢᠭᠦᠳ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠣᠶᠢᠯᠠᠭᠠᠯᠲᠠ ᠲᠠᠢ ᠪᠠᠨ ᠤᠶᠠᠯᠳᠤᠭᠤᠯᠵᠤ᠂ ᠳᠠᠭᠤᠤ ᠪᠥᠵᠢᠭ ᠢᠶᠠᠷ ᠢᠶᠠᠨ ᠨᠠᠮ ᠳᠤ ᠪᠠᠨ ᠦᠨᠡᠨᠴᠢ ᠰᠢᠳᠤᠷᠭᠤ᠂ ᠠᠷᠠᠳ ᠲᠦᠮᠡᠨ ᠳᠤ ᠦᠢᠯᠡᠴᠢᠯᠡᠬᠦ ᠴᠠᠭᠳᠠᠭ᠎ᠠ ᠶᠢᠨ ᠤᠤᠷ ᠴᠢᠨᠠᠷ ᠢ ᠭᠦᠨᠵᠡᠭᠡᠢ ᠲᠠᠶᠢᠯᠪᠤᠷᠢᠯᠠᠵᠤ᠂ ᠠᠷᠠᠳ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠲᠦᠮᠡᠨ ᠤ ᠲᠥᠯᠥᠭᠡ ᠦᠢᠯᠡᠴᠢᠯᠡᠬᠦ ᠰᠢᠯᠢᠳᠡᠭ ᠤᠯᠠᠮᠵᠢᠯᠠᠯ ᠢ ᠭᠦᠢᠴᠡᠳ ᠪᠠᠳᠠᠷᠠᠭᠤᠯᠪᠠ᠃ 
ᠢᠷᠡᠯᠲᠡ᠄ ᠪᠠᠶᠠᠨᠨᠠᠭᠤᠷ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ