ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠮ ᠬᠠᠷᠢᠯᠴᠠᠭᠠᠨ ᠤ ᠴᠠᠭᠳᠠᠭ᠎ᠠ ︽ᠳᠥᠷᠪᠡᠨ ᠠᠰᠠᠭᠤᠳᠠᠯ︾ ᠢ ᠣᠨᠢᠯᠠᠵᠤ ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠨᠠᠷᠢᠯᠢᠭ ᠣᠨᠣᠴᠠᠲᠠᠶ ᠭᠦᠢᠴᠡᠳᠭᠡᠪᠡ
ᠨᠡᠶᠢᠲᠡᠯᠡᠭᠰᠡᠨ ᠴᠠᠭ᠄
2024/8/22
     ᠬᠠᠷᠢᠶᠠᠲᠤ ᠣᠷᠣᠨ ᠤ ᠵᠠᠮ ᠬᠠᠷᠢᠯᠴᠠᠭᠠᠨ ᠤ ᠡᠮᠬᠢ ᠳᠢᠭᠯᠢᠮ ᠢ ᠤᠯᠠᠮ ᠨᠢᠭᠡ ᠠᠯᠬᠤᠮ ᠰᠢᠯᠢᠳᠡᠭᠵᠢᠭᠦᠯᠬᠦ᠂ ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠵᠠᠮ ᠬᠠᠷᠢᠯᠴᠠᠭᠠᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠪᠠ ᠪᠠᠭᠠᠰᠬᠠᠬᠤ ᠶᠢᠨ ᠲᠥᠯᠥᠭᠡ᠂ ᠬᠦᠯᠦᠨ ᠪᠤᠶᠢᠷ ᠬᠤᠲᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠬᠠᠷᠢᠶᠠᠲᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠵᠠᠮ ᠬᠠᠷᠢᠯᠴᠠᠭᠠᠨ ᠤ ᠡᠮᠬᠢ ᠳᠢᠭᠯᠢᠮ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠠᠮᠤᠷ ᠲᠦᠪᠰᠢᠨ᠂ ᠰᠠᠭᠠᠳ ᠥᠬᠡᠶ᠂ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠴᠢᠷᠮᠠᠶᠢᠨ ᠡᠭᠦᠳᠪᠡ᠃
摩托车1.jpg
     ᠨᠢᠭᠡ᠂ ᠵᠣᠬᠢᠶᠠᠨ ᠪᠠᠶᠢᠭᠤᠯᠵᠤ ᠪᠠᠶᠢᠷᠢᠯᠠᠭᠤᠯᠬᠤ ᠠᠴᠠ ᠭᠠᠷᠳᠠᠵᠤ᠂ ︽ᠭᠤᠣᠯᠳᠠᠯᠭ᠎ᠠ ᠲᠠᠢ ᠠᠰᠠᠭᠤᠳᠠᠯ︾ ᠢ ᠠᠳᠬᠤᠪᠠ᠃     ᠬᠤᠶᠠᠷ᠂ ᠡᠬᠢ ᠡᠭᠦᠰᠦᠯ ᠠᠴᠠ ᠨᠢ ᠵᠠᠰᠠᠬᠤ ᠠᠴᠠ ᠭᠠᠷᠳᠠᠵᠤ᠂ ︽ᠪᠠᠯᠠᠢ ᠠᠰᠠᠭᠤᠳᠠᠯ︾ ᠢ ᠠᠷᠢᠯᠭᠠᠪᠠ᠃     ᠭᠤᠷᠪᠠ᠂ ᠵᠠᠮ ᠳᠡᠭᠡᠷᠡᠬᠢ ᠬᠠᠮᠢᠶᠠᠷᠤᠨ ᠡᠵᠡᠮᠳᠡᠬᠦ ᠠᠴᠠ ᠭᠠᠷᠳᠠᠵᠤ᠂ ︽ᠬᠦᠴᠢᠷ ᠠᠰᠠᠭᠤᠳᠠᠯ︾ ᠢ ᠰᠢᠪᠳᠤᠯᠪᠠ᠃     ᠳᠥᠷᠪᠡ᠂ ᠤᠬᠠᠭᠤᠯᠭ᠎ᠠ ᠬᠥᠮᠦᠵᠢᠯ ᠠᠴᠠ ᠭᠠᠷᠳᠠᠵᠤ᠂ ︽ᠬᠠᠯᠠᠮᠰᠢᠯ ᠠᠰᠠᠭᠤᠳᠠᠯ︾ ᠢ ᠠᠩᠬᠠᠷᠪᠠ᠃
摩托车3.jpg    
     ᠳᠠᠷᠠᠭᠠᠴᠢ ᠶᠢᠨ ᠠᠯᠬᠤᠮ ᠳᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠬᠢ ᠶᠢᠨ ᠬᠢᠨ ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠶᠢ ᠦᠷᠭᠦᠯᠵᠢᠯᠡᠨ ᠥᠷᠨᠢᠭᠦᠯᠵᠦ᠂ ᠬᠠᠷᠢᠶ᠎ᠠ ᠣᠷᠣᠨ ᠤ ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠵᠢᠯᠣᠭᠤᠴᠢ ᠶᠢᠨ ᠠᠮᠤᠷ ᠲᠦᠪᠰᠢᠨ ᠤ ᠤᠬᠠᠮᠰᠠᠷ᠂ ᠪᠣᠯᠪᠠᠰᠤᠨ ᠤᠬᠠᠮᠰᠠᠷ ᠢ ᠦᠨᠡᠨ ᠬᠦ ᠳᠡᠭᠡᠭᠰᠢᠯᠡᠭᠦᠯᠦᠨ᠂ ᠬᠠᠷᠢᠶ᠎ᠠ ᠣᠷᠣᠨ ᠤ ᠵᠠᠮ ᠨᠡᠪᠲᠡᠷᠡᠯᠭᠡ ᠶᠢᠨ ᠡᠮᠬᠢ ᠳᠢᠭᠯᠢᠮ ᠢ ᠰᠢᠯᠢᠳᠡᠭᠵᠢᠭᠦᠯᠵᠦ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠵᠠᠮ ᠬᠠᠷᠢᠯᠴᠠᠭᠠᠨ ᠤ ᠠᠳᠡᠯ ᠢ ᠰᠡᠷᠭᠡᠶᠢᠯᠡᠬᠦ ᠪᠠ ᠪᠠᠭᠠᠰᠬᠠᠨ᠂ ᠠᠮᠤᠷ ᠲᠦᠪᠰᠢᠨ ᠡᠮᠬᠢ ᠳᠢᠭᠯᠢᠮ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠤᠢ ᠪᠣᠯᠭᠠᠪᠠ᠃   
ᠢᠷᠡᠯᠲᠡ᠄ ᠬᠦᠯᠦᠨ ᠪᠤᠶᠢᠷ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ