︽6·26︾ ᠤ ᠣᠯᠠᠨ ᠤᠯᠤᠰ ᠤᠨ ᠬᠤᠤᠷ ᠴᠠᠭᠠᠵᠠᠯᠠᠬᠤ ᠡᠳᠦᠷ — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠤᠷ ᠴᠠᠭᠠᠵᠠᠯᠠᠬᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/27
     6 ᠳ᠋ᠤᠭᠠᠷ ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠤᠷ ᠴᠠᠭᠠᠵᠠᠯᠠᠬᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠥᠬᠡᠬᠤᠲᠠ ᠳᠤ ᠬᠤᠷᠠᠯᠳᠤᠵᠤ᠂ 2019 ᠣᠨ ᠠᠴᠠ ᠨᠠᠭᠠᠰᠢᠬᠢ ᠪᠥᠬᠦ ᠣᠷᠣᠨ ᠤ ᠬᠤᠤᠷ ᠴᠠᠭᠠᠵᠠᠯᠠᠬᠤ ᠠᠵᠢᠯ ᠤᠨ ᠪᠠᠶᠢᠳᠠᠯ ᠢ ᠵᠠᠷᠯᠠᠨ ᠮᠡᠳᠡᠭᠳᠡᠪᠡ᠃ ᠥᠪᠡᠷᠲᠡᠭᠡᠨ ᠵᠠᠰᠠᠬᠤ ᠣᠷᠣᠨ ᠤ ᠬᠤᠣᠷ ᠴᠠᠭᠠᠵᠠᠯᠠᠬᠤ ᠵᠥᠪᠯᠡᠯ ᠤᠨ ᠳᠡᠳ᠋ ᠡᠷᠬᠢᠯᠡᠭᠴᠢ᠂ ᠰᠤᠷᠭᠠᠨ ᠬᠥᠮᠦᠵᠢᠯ ᠤᠨ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ᠂ ᠥᠪᠡᠷᠲᠡᠭᠡᠨ ᠵᠠᠰᠠᠬᠤ ᠣᠷᠣᠨ ᠤ ᠬᠤᠣᠷ ᠴᠠᠭᠠᠵᠠᠯᠠᠬᠤ ᠵᠥᠪᠯᠡᠯ ᠤᠨ ᠭᠡᠰᠢᠭᠦᠨ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᠳ᠋ᠧ ᡁᠢ᠂ ᠥᠪᠡᠷᠲᠡᠭᠡᠨ ᠵᠠᠰᠠᠬᠤ ᠣᠷᠣᠨ ᠤ ᠬᠤᠤᠷ ᠴᠠᠭᠠᠵᠠᠯᠠᠬᠤ ᠵᠥᠪᠯᠡᠯ ᠤᠨ ᠭᠡᠰᠢᠭᠦᠨ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠳ᠋ᠦᠩ ᠭᠠᠩ᠂ ᠥᠪᠡᠷᠲᠡᠭᠡᠨ ᠵᠠᠰᠠᠬᠤ ᠣᠷᠣᠨ ᠤ ᠬᠤᠤᠷ ᠴᠠᠭᠠᠵᠠᠯᠠᠬᠤ ᠠᠵᠢᠯ ᠤᠨ ᠠᠯᠪᠠᠨ ᠬᠡᠷ ᠤᠨ ᠪᠠᠶᠢᠩᠭᠤ ᠶᠢᠨ ᠳᠡᠳ᠋ ᠡᠷᠬᠢᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠤᠤᠷ ᠴᠠᠭᠠᠵᠠᠯᠠᠬᠤ ᠶᠡᠷᠦᠩᠬᠡᠶ ᠠᠩᠭᠢ ᠶᠢᠨ ᠳᠠᠷᠤᠭ᠎ᠠ ᠯᠢᠦ ᡁᠢ ᠭᠠᠩ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠮᠨᠡᠯᠭᠡ ᠶᠢᠨ ᠶᠠᠪᠤᠳᠠᠯ ᠤᠨ ᠭᠠᠵᠠᠷ ᠤᠨ ᠳᠠᠷᠤᠭ᠎ᠠ ᠠᠷᠰᠯᠠᠨ᠂ ᠥᠪᠡᠷᠲᠡᠭᠡᠨ ᠵᠠᠰᠠᠬᠤ ᠣᠷᠣᠨ ᠤ ᠬᠤᠤᠷ ᠲᠠᠲᠠᠬᠤ ᠶᠢ ᠵᠣᠭᠰᠣᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠫᠠᠨ ᠲᠣᠣ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃
1.jpg
     ᠲᠠᠪᠤᠨ ᠵᠢᠯ ᠤᠨ ᠲᠤᠷᠰᠢ᠂ ᠥᠪᠥᠷ ᠮᠣᠩᠭᠤᠯ ᠤᠨ ᠡᠯ᠎ᠡ ᠱᠠᠲᠤᠨ ᠤ ᠬᠤᠣᠷ ᠴᠠᠭᠠᠵᠠᠯᠠᠬᠤ ᠰᠠᠯᠠᠭ᠎ᠠ ᠮᠥᠴᠢᠷ ᠤᠨ ᠬᠢᠨ ︽ᠴᠣᠬᠢᠯᠲᠠ ᠥᠭᠬᠦ᠂ ᠰᠡᠷᠭᠡᠶᠢᠯᠡᠬᠦ᠂ ᠬᠠᠮᠢᠶᠠᠷᠬᠤ᠂ ᠬᠢᠵᠠᠭᠠᠷᠯᠠᠬᠤ᠂ ᠴᠡᠭᠡᠷᠯᠡᠬᠦ᠂ ᠤᠬᠠᠭᠤᠯᠬᠤ︾ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠬᠦ ᠶᠢ ᠪᠠᠷᠢᠮᠲᠠᠯᠠᠵᠤ᠂ ︽ᠬᠤᠤᠷ ᠴᠠᠭᠠᠵᠠᠯᠠᠬᠤ ᠬᠠᠤᠯᠢ ᠬᠡᠷᠡᠭᠵᠢᠭᠦᠯᠦᠯᠲᠡ ᠶᠢᠨ ᠴᠣᠬᠢᠯᠲᠠ ᠥᠭᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ᠂ ᠬᠤᠤᠷ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠬᠤᠤᠷ ᠲᠠᠲᠠᠭᠰᠠᠳ ᠤᠨ ᠬᠠᠮᠢᠶᠠᠷᠤᠨ ᠡᠵᠡᠮᠳᠡᠬᠦ ᠨᠣᠷᠮ᠎ᠠ ᠶᠢ ᠳᠡᠭᠡᠭᠰᠢᠯᠡᠭᠦᠯᠬᠦ ᠪᠠ ᠬᠤᠤᠷᠲᠤ ᠡᠳ᠋ ᠤᠨ ᠭᠦᠢᠯᠭᠡᠭᠡᠨ ᠤ ᠲᠤᠭ᠎ᠠ ᠬᠡᠮᠵᠢᠶ᠎ᠡ ᠶᠢ ᠪᠠᠭᠤᠷᠠᠭᠤᠯᠬᠤ᠂ ᠬᠤᠤᠷ ᠲᠠᠲᠠᠭᠰᠠᠳ ᠤᠨ ᠡᠵᠡᠯᠡᠬᠦ ᠬᠠᠷᠢᠴᠠᠯ ᠢ ᠪᠠᠭᠤᠷᠠᠭᠤᠯᠬᠤ︾ ᠠᠵᠢᠯ ᠤᠨ ᠬᠠᠨᠳᠤᠰᠢ ᠶᠢ ᠪᠠᠲᠤᠯᠠᠵᠤ᠂ ᠰᠢᠨ᠎ᠡ ᠴᠠᠭ ᠦᠶ᠎ᠡ ᠶᠢᠨ ᠬᠤᠤᠷ ᠴᠠᠭᠠᠵᠠᠯᠠᠬᠤ ᠠᠷᠠᠳ ᠤᠨ ᠲᠡᠶᠢᠨ ᠳᠤ ᠢᠯᠡᠳᠲᠡ ᠦᠷ᠎ᠡ ᠪᠦᠲᠦᠮᠵᠢ ᠣᠯᠵᠤ᠂ ᠪᠥᠬᠦ ᠣᠷᠣᠨ ᠤ ᠬᠤᠤᠷ ᠴᠠᠭᠠᠵᠠᠯᠠᠬᠤ ᠲᠡᠮᠡᠴᠡᠯ ᠤᠨ ᠪᠠᠶᠢᠳᠠᠯ ᠲᠣᠭᠲᠠᠭᠤᠨ ᠤ ᠳᠤᠮᠳᠠ ᠰᠠᠶᠢᠵᠢᠷᠠᠪᠠ᠃      ᠬᠤᠣᠷᠲᠤ ᠡᠳ᠋ ᠤᠨ ᠠᠰᠠᠭᠤᠳᠠᠯ ᠢ ᠶᠡᠷᠦᠩᠬᠡᠶᠢᠯᠡᠨ ᠵᠠᠰᠠᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠤᠤᠷ ᠴᠠᠭᠠᠵᠠᠯᠠᠬᠤ ᠠᠵᠢᠯ ᠢ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠬᠡᠪᠴᠢᠶᠡᠨ ᠳᠤ ᠣᠷᠣᠭᠤᠯᠵᠤ᠂ ᠠᠮᠤᠷ ᠠᠮᠤᠭᠤᠯᠠᠩ ᠤᠨ ᠪᠠᠶᠢᠭᠤᠯᠤᠯᠲᠠ ᠪᠠ ᠪᠣᠯᠪᠠᠰᠤᠨ ᠢ ᠡᠭᠦᠳᠦᠨ ᠪᠠᠶᠢᠭᠤᠯᠬᠤ ᠰᠢᠯᠭᠠᠨ ᠦᠨᠡᠯᠡᠯᠲᠡ ᠳᠤ ᠣᠷᠣᠭᠤᠯᠪᠠ︔ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠵᠢᠯ ᠪᠦᠷᠢ ᠬᠤᠤᠷ ᠴᠠᠭᠠᠵᠠᠯᠠᠬᠤ ᠲᠤᠰᠬᠠᠶ ᠵᠠᠷᠤᠳᠠᠯ ᠢ ᠢᠵᠢ ᠪᠥᠷᠢᠳᠦᠭᠦᠯᠵᠦ᠂ ᠰᠠᠭᠤᠷᠢ ᠪᠡᠯᠡᠳᠬᠡᠮᠵᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠣᠷᠣᠭᠤᠯᠤᠯᠲᠠ ᠶᠢ ᠨᠡᠮᠡᠭᠳᠡᠭᠦᠯᠪᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠤᠷ ᠴᠠᠭᠠᠵᠠᠯᠠᠬᠤ ᠳᠦᠷᠢᠮ︾ ᠢ ᠨᠡᠶᠢᠲᠡᠯᠡᠨ ᠬᠡᠷᠡᠭᠵᠢᠭᠦᠯᠪᠡ︔ ᠬᠤᠣᠷᠲᠤ ᠴᠠᠭᠠᠵᠠᠯᠠᠬᠤ ᠵᠥᠪᠯᠡᠯ ᠤᠨ ᠪᠦᠷᠢᠯᠳᠦᠬᠦᠨ ᠨᠢᠭᠡᠴᠢ ᠨᠦᠭᠦᠳ ᠬᠤᠣᠷ ᠴᠠᠭᠠᠵᠠᠯᠠᠬᠤ ᠤᠬᠠᠭᠤᠯᠭ᠎ᠠ ᠬᠢᠬᠦ᠂ ᠬᠤᠣᠷ ᠲᠠᠲᠠᠬᠤ ᠶᠢ ᠴᠠᠭᠠᠵᠠᠯᠠᠵᠤ ᠬᠤᠣᠷ ᠲᠠᠲᠠᠬᠤ ᠶᠢ ᠵᠣᠭᠰᠣᠭᠠᠬᠤ᠂ ᠬᠤᠣᠷᠲᠤ ᠡᠳ᠋ ᠤᠨ ᠤᠷᠭᠤᠮᠠᠯ ᠲᠠᠷᠢᠬᠤ ᠪᠠ ᠬᠤᠣᠷᠲᠤ ᠡᠳ᠋ ᠦᠢᠯᠡᠳᠬᠦ ᠶᠢ ᠴᠠᠭᠠᠵᠠᠯᠠᠬᠤ ᠵᠡᠷᠭᠡ ᠠᠵᠢᠯ ᠢ ᠬᠦᠴᠦ ᠪᠠᠨ ᠬᠠᠮᠲᠤᠳᠬᠠᠨ ᠠᠬᠢᠭᠤᠯᠪᠠ︔ ᠨᠡᠶᠢᠭᠡᠮ ᠤᠨ ᠣᠷᠣᠯᠴᠠᠬᠤ ᠲᠠᠪᠴᠠᠩ ᠢ ᠪᠠᠶᠢᠭᠤᠯᠵᠤ᠂ ᠬᠤᠣᠷᠲᠤ ᠡᠳ᠋ ᠢ ᠴᠠᠭᠠᠵᠠᠯᠠᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠢᠯᠣᠭᠤᠳᠤᠨ ᠪᠠᠶᠢᠭᠤᠯᠵᠤ᠂ ᠬᠤᠣᠷᠲᠤ ᠡᠳ᠋ ᠢ ᠴᠠᠭᠠᠵᠠᠯᠠᠬᠤ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢ ᠬᠥᠭᠵᠢᠭᠦᠯᠦᠨ ᠪᠤᠵᠠᠭᠠᠶᠢᠷᠠᠭᠤᠯᠵᠤ᠂ ᠬᠤᠣᠷᠲᠤ ᠡᠳ᠋ ᠤᠨ ᠠᠰᠠᠭᠤᠳᠠᠯ ᠢ ᠶᠡᠷᠦᠩᠬᠡᠶᠢᠯᠡᠨ ᠵᠠᠰᠠᠬᠤ ᠲᠣᠭᠲᠠᠴᠠ ᠶᠢ ᠡᠳᠦᠷ ᠢᠷᠡᠬᠦᠶ᠎ᠡ ᠲᠡᠭᠦᠯᠳᠡᠷᠵᠢᠭᠦᠯᠪᠡ᠃      ᠬᠤᠣᠷᠲᠤ ᠡᠳ᠋ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠦᠢᠯᠡᠳᠦᠯ ᠴᠢᠳᠠᠪᠤᠷᠢ ᠶᠡᠭᠡ ᠪᠠᠷ ᠳᠡᠭᠡᠭᠰᠢᠯᠡᠪᠡ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠭᠤᠤᠯ ᠬᠠᠷᠢᠭᠤᠴᠠᠯᠭ᠎ᠠ ᠶᠢ ᠡᠭᠦᠷᠭᠡᠯᠡᠵᠦ᠂ ︽ᠢᠷᠡᠯᠲᠡ ᠶᠢ ᠠᠷᠢᠯᠭᠠᠨ ᠤᠷᠤᠰᠬᠠᠯ ᠢ ᠲᠠᠰᠤᠯᠬᠤ︾ ᠠᠵᠢᠯᠯᠠᠭ᠎ᠠ ᠪᠠᠷ ᠬᠥᠲᠥᠯᠦᠮᠵᠢ ᠪᠣᠯᠭᠠᠵᠤ᠂ ᠰᠢᠤᠳᠠᠨ᠂ ᠪᠣᠭᠤᠮᠲᠠ᠂ ᠠᠷᠠᠳ ᠤᠨ ᠠᠭᠠᠷ ᠤᠨ ᠲᠡᠭᠡᠭᠡᠪᠦᠷᠢ᠂ ᠲᠡᠮᠦᠷ ᠵᠠᠮ ᠵᠡᠷᠭᠡ ᠰᠠᠯᠠᠭ᠎ᠠ ᠮᠥᠴᠢᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠤᠤᠷᠲᠤ ᠡᠳ᠋ ᠢ ᠴᠠᠭᠠᠵᠠᠯᠠᠬᠤ ᠳᠤ ᠬᠦᠴᠦᠲᠡᠶ ᠴᠣᠬᠢᠯᠲᠠ ᠥᠭᠴᠦ ᠬᠦᠴᠦᠲᠡᠶ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ 5 ᠵᠢᠯ ᠳᠤ ᠨᠡᠶᠢᠲᠡ 2061 ᠤᠳᠠᠭ᠎ᠠ ᠬᠤᠤᠷᠲᠤ ᠡᠳ᠋ ᠤᠨ ᠡᠷᠡᠭᠦᠤ ᠶᠢᠨ ᠬᠡᠷᠡᠭ ᠢ ᠢᠯᠡᠷᠡᠭᠦᠯᠵᠦ᠂ ᠶᠠᠯ᠎ᠠ ᠬᠢᠭᠰᠡᠨ ᠰᠡᠵᠢᠭᠳᠡᠨ ᠢ 3540 ᠪᠠᠷᠢᠪᠴᠢᠯᠠᠵᠤ᠂ ᠡᠯ᠎ᠡ ᠲᠥᠷᠥᠯ ᠤᠨ ᠬᠤᠤᠷᠲᠤ ᠡᠳ᠋ ᠢ 102.2 ᠺᠢᠯᠣᠭ᠍ᠷᠠᠮ ᠣᠯᠵᠠᠯᠠᠪᠠ︔ ᠬᠦᠷᠭᠡᠬᠦ ᠡᠳ᠋ ᠪᠠᠷᠠᠭᠠᠨ ᠤ ᠭᠦᠢᠯᠭᠡᠭᠡᠨ ᠤ ᠬᠤᠤᠷᠲᠤ ᠡᠳ᠋ ᠫᠠᠨᠽᠠᠯᠠᠬᠤ ᠵᠠᠮ ᠤᠨ ᠡᠵᠡᠮᠳᠡᠯ ᠢ ᠪᠥᠬᠦ ᠲᠠᠯ᠎ᠠ ᠪᠠᠷ ᠴᠢᠩᠭᠠᠳᠬᠠᠵᠤ᠂ 12 ᠠᠶᠢᠮᠠᠭ ᠬᠤᠲᠠ ᠶᠢᠨ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠤ ᠬᠤᠤᠷᠲᠤ ᠡᠳ᠋ ᠴᠠᠭᠠᠵᠠᠯᠠᠬᠤ ᠠᠵᠢᠯ ᠤᠨ ᠥᠷᠲᠡᠭᠡ ᠪᠠᠶᠢᠭᠤᠯᠵᠤ᠂ ᠬᠦᠷᠭᠡᠯᠲᠡ ᠭᠦᠢᠯᠭᠡᠭᠡᠨ ᠤ ᠵᠠᠮ ᠤᠨ ᠬᠤᠤᠷᠲᠤ ᠡᠳ᠋ ᠲᠤ ᠬᠤᠯᠪᠣᠭᠳᠠᠭᠰᠠᠨ ᠰᠦᠪᠡᠭᠴᠢ ᠶᠢ ᠢᠯᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠂ ᠬᠤᠤᠷᠲᠤ ᠡᠳ᠋ ᠫᠠᠨᠽᠠᠯᠠᠨ ᠵᠥᠭᠡᠭᠡᠪᠦᠷᠢᠯᠡᠬᠦ ᠶᠢᠨ ᠪᠠᠶᠢᠴᠠᠭᠠᠨ ᠪᠠᠷᠢᠪᠴᠢᠯᠠᠬᠤ ᠪᠠ ᠬᠠᠭᠠᠵᠤ ᠬᠠᠰᠢᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠡᠭᠦᠨ ᠠᠴᠠ ᠢᠯᠡᠷᠡᠭᠦᠯᠦᠭᠰᠡᠨ ᠬᠤᠤᠷᠲᠤ ᠡᠳ᠋ ᠤᠨ ᠬᠡᠷᠡᠭ ᠤᠨ ᠲᠤᠭ᠎ᠠ ᠨᠢ ᠪᠥᠬᠦ ᠬᠡᠷᠡᠭ ᠤᠨ ᠪᠥᠬᠦ ᠲᠣᠭᠠᠨ ᠤ 18.5% ᠶᠢ ᠡᠵᠡᠯᠡᠪᠡ᠃      ᠪᠥᠬᠦ ᠠᠷᠠᠳ ᠤᠨ ᠬᠤᠣᠷ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠭᠦᠨᠵᠡᠭᠡᠶ ᠥᠷᠭᠡᠳᠬᠡᠪᠡ᠃ ᠵᠠᠯᠠᠭᠤᠴᠤᠳ ᠪᠠᠭᠠᠴᠤᠳ ᠢᠶᠠᠷ ᠭᠤᠤᠯᠳᠠᠯᠭ᠎ᠠ ᠪᠣᠯᠭᠠᠵᠤ᠂ ᠪᠥᠬᠦ ᠣᠷᠣᠨ ᠤ 2800 ᠭᠠᠷᠤᠶ ᠰᠤᠷᠭᠠᠭᠤᠯᠢ ᠳᠤ ᠬᠤᠣᠷ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ 130 ᠭᠠᠷᠤᠶ ᠲᠦᠮᠡᠨ ᠰᠣᠷᠣᠭᠴᠢ ᠶᠢ ᠵᠣᠬᠢᠶᠠᠨ ᠪᠠᠶᠢᠭᠤᠯᠤᠨ ︽ᠵᠠᠯᠠᠭᠤᠴᠤᠳ ᠪᠠᠭᠠᠴᠤᠳ ᠤᠨ ᠬᠤᠣᠷ ᠢ ᠰᠡᠷᠭᠡᠶᠢᠯᠡᠬᠦ ᠬᠥᠮᠦᠵᠢᠯ ᠤᠨ ᠲᠠᠪᠴᠠᠩ︾ ᠢᠶᠠᠷ ᠳᠠᠮᠵᠢᠭᠤᠯᠤᠨ ᠬᠤᠣᠷ ᠴᠠᠭᠠᠵᠠᠯᠠᠬᠤ ᠮᠡᠳᠡᠯᠭᠡ ᠶᠢ ᠰᠤᠷᠤᠯᠴᠠᠭᠤᠯᠵᠤ᠂ ᠰᠤᠷᠤᠯᠴᠠᠯᠭ᠎ᠠ ᠳᠤ ᠣᠷᠣᠯᠴᠠᠭᠰᠠᠨ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠦᠨ᠎ᠡ︔ ᠡᠯ᠎ᠡ ᠲᠥᠷᠥᠯ ᠤᠨ ᠬᠤᠣᠷ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ ᠢ 128 ᠪᠠᠶᠢᠭᠤᠯᠵᠤ᠂︽ᠪᠥᠬᠦ ᠤᠯᠤᠰ ᠤᠨ ᠬᠤᠣᠷ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ︾ ᠢ 1 ᠪᠠᠶᠢᠭᠤᠯᠪᠠ︔ ᠡᠭᠦᠨ ᠤ ᠬᠠᠮᠲᠤ ︽ᠲᠠᠪᠤ ᠶᠢ ᠨᠢᠭᠡ ᠴᠤᠭᠴᠠᠵᠢᠭᠤᠯᠬᠤ︾ ᠬᠤᠣᠷ ᠴᠠᠭᠠᠵᠠᠯᠠᠬᠤ ᠰᠢᠨ᠎ᠡ ᠵᠠᠭᠤᠴᠢᠯᠠᠭᠤᠷ ᠤᠨ ᠰᠦᠯᠵᠢᠶᠡᠨ ᠳᠡᠭᠡᠷᠡᠬᠢ ᠲᠠᠪᠴᠠᠩ ᠳᠤ ᠲᠦᠰᠢᠭᠯᠡᠨ  ᠬᠤᠣᠷ ᠴᠠᠭᠠᠵᠠᠯᠠᠬᠤ ᠮᠡᠳᠡᠭᠡ ᠨᠡᠶᠢᠲᠡᠯᠡᠵᠦ᠂  ᠬᠤᠣᠷ ᠴᠠᠭᠠᠵᠠᠯᠠᠬᠤ ᠮᠡᠳᠡᠯᠭᠡ ᠶᠢᠨ ᠲᠠᠶᠢᠯᠤᠮᠵᠢ ᠥᠷᠨᠢᠭᠦᠯᠦᠨ᠎ᠡ︔ ᠬᠤᠣᠷ ᠴᠠᠭᠠᠵᠠᠯᠠᠬᠤ ᠲᠣᠭᠤᠷᠢᠨ ᠤᠬᠠᠭᠤᠯᠤᠨ ᠲᠠᠶᠢᠯᠪᠤᠷᠢᠯᠠᠬᠤ᠂ ᠬᠤᠣᠷ ᠴᠠᠭᠠᠵᠠᠯᠠᠬᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠰᠦᠯᠵᠢᠶᠡᠨ ᠭᠠᠳᠠᠨᠠᠬᠢ ᠲᠤᠮᠤ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ 400 ᠭᠠᠷᠤᠶ ᠲᠠᠯᠠᠪᠤᠷ ︵ᠤᠳᠠᠭ᠎ᠠ︶ ᠵᠣᠬᠢᠶᠠᠨ ᠪᠠᠶᠢᠭᠤᠯᠵᠤ᠂ ᠠᠷᠠᠳ ᠤᠯᠠᠨ ᠤ ᠬᠤᠣᠷᠲᠤ ᠡᠳ᠋ ᠢ ᠲᠠᠨᠢᠬᠤ ᠬᠤᠣᠷᠲᠤ ᠡᠳ᠋ ᠢ ᠰᠡᠷᠭᠡᠶᠢᠯᠡᠬᠦ ᠬᠤᠣᠷᠲᠤ ᠡᠳ᠋ ᠢ ᠡᠰᠡᠷᠭᠦᠴᠡᠬᠦ ᠦᠵᠡᠯ ᠤᠬᠠᠮᠰᠠᠷ ᠢᠯᠡᠳᠲᠡ ᠴᠢᠩᠭᠠᠷᠠᠪᠠ᠃      ᠬᠤᠤᠷ ᠲᠠᠲᠠᠭᠴᠢᠳ ᠤᠨ ᠬᠠᠮᠢᠶᠠᠷᠤᠨ ᠡᠵᠡᠮᠳᠡᠵᠦ ᠬᠠᠪᠰᠤᠷᠤᠨ ᠲᠡᠳᠬᠦᠬᠦ ᠰᠠᠭᠤᠷᠢ ᠶᠢ ᠬᠦᠴᠦᠲᠡᠶ ᠪᠠᠬᠢᠵᠢᠭᠦᠯᠪᠡ᠃ ︽ᠬᠤᠤᠷ ᠲᠠᠲᠠᠭᠰᠠᠳ ᠢ ᠬᠤᠷᠢᠶᠠᠮᠵᠢᠯᠠᠨ ᠴᠡᠭᠡᠷᠯᠡᠭᠦᠯᠬᠦ ᠬᠤᠷᠢᠶᠠᠮᠵᠢᠯᠠᠨ ᠵᠠᠰᠠᠬᠤ︾ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠬᠤᠤᠷ ᠲᠠᠲᠠᠭᠰᠠᠳ ᠢ ᠬᠠᠮᠤᠭ ᠤᠨ ᠶᠡᠭᠡ ᠬᠡᠮᠵᠢᠶ᠎ᠡ ᠪᠠᠷ ᠪᠠᠶᠢᠴᠠᠭᠠᠨ ᠴᠡᠭᠡᠷᠯᠡᠭᠦᠯᠵᠦ᠂ ᠪᠥᠬᠦ ᠣᠷᠣᠨ ᠳᠤ ᠣᠲᠣ ᠪᠠᠶᠢᠭ᠎ᠠ ᠬᠤᠤᠷ ᠲᠠᠲᠠᠭᠴᠢᠳ 2019 ᠣᠨ ᠳᠤ 2.9 ᠲᠦᠮᠡᠨ ᠬᠥᠮᠦᠨ ᠪᠠᠶᠢᠭᠰᠠᠨ ᠠᠴᠠ ᠪᠠᠨ ᠣᠲᠣ 9875 ᠬᠥᠮᠦᠨ ᠪᠣᠯᠵᠣ ᠪᠠᠭᠠᠰᠪᠠ︔ ︽ᠬᠤᠤᠷ ᠲᠠᠲᠠᠬᠤ ᠶᠢ ᠴᠠᠭᠠᠵᠠᠯᠠᠬᠤ ᠬᠤᠤᠷ ᠲᠠᠲᠠᠬᠤ ᠶᠢ ᠵᠣᠭᠰᠣᠭᠠᠬᠤ ᠰᠠᠭᠤᠷᠢ ᠣᠨ︾ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠡᠮ ᠢᠶᠠᠷ ᠡᠮᠨᠡᠨ ᠵᠠᠰᠠᠬᠤ ᠶᠢ ᠪᠠᠲᠤᠯᠠᠬᠤ ᠪᠠ ᠠᠯᠪᠠᠳᠠᠯᠭ᠎ᠠ ᠪᠠᠷ ᠲᠤᠰᠠᠭᠠᠷᠯᠠᠵᠤ ᠬᠤᠤᠷ ᠲᠠᠲᠠᠬᠤ ᠶᠢ ᠵᠣᠭᠰᠣᠭᠠᠬᠤ᠂ ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠣᠭᠰᠣᠭᠠᠬᠤ ᠶᠢ ᠵᠠᠪᠰᠠᠷ ᠥᠬᠡᠶ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠬᠤᠤᠷ ᠴᠠᠭᠠᠵᠠᠯᠠᠬᠤ ᠲᠤᠰᠬᠠᠶ ᠪᠠ ᠲᠤᠰᠢᠶᠠᠯ ᠬᠠᠪᠰᠤᠷᠭᠠᠭᠰᠠᠨ ᠨᠡᠶᠢᠭᠡᠮ ᠤᠨ ᠠᠵᠢᠯᠲᠠᠨ ᠤ ᠡᠩᠨᠡᠭᠡ ᠶᠢ ᠬᠥᠭᠵᠢᠭᠦᠯᠵᠦ᠂ ᠬᠤᠤᠷ ᠲᠠᠲᠠᠭᠰᠠᠳ ᠤᠨ ᠪᠥᠬᠦ ᠭᠤᠭᠴᠤᠭ᠎ᠠ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠪᠠ︔ ︽ᠠᠮᠤᠷ ᠠᠮᠤᠭᠤᠯᠠᠩ ᠢ ᠬᠠᠯᠠᠮᠵᠢᠯᠠᠨ ᠬᠠᠶᠢᠷᠠᠯᠠᠬᠤ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠵᠡᠭᠡᠯᠢ ᠭᠤᠳᠤᠮᠵᠢ ︵ᠰᠢᠶᠠᠩ ᠪᠠᠯᠭᠠᠰᠤ︶ ᠶᠢ ᠵᠣᠬᠢᠶᠠᠨ ᠪᠠᠶᠢᠭᠤᠯᠤᠨ ᠬᠤᠤᠷ ᠲᠠᠲᠠᠬᠤ ᠶᠢ ᠵᠣᠭᠰᠣᠭᠠᠬᠤ ᠡᠷᠡᠭᠦᠯᠵᠢᠭᠦᠯᠦᠭᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠥᠷᠨᠢᠭᠦᠯᠵᠦ᠂ ᠬᠤᠤᠷ ᠲᠠᠲᠠᠬᠤ ᠶᠢ ᠵᠣᠭᠰᠣᠭᠠᠬᠤ ᠬᠥᠮᠦᠰ ᠵᠢᠴᠢ ᠲᠡᠳᠡᠨ ᠤ ᠬᠡᠷ ᠪᠦᠯᠢ ᠶᠢᠨ ᠪᠦᠷᠢᠯᠳᠦᠬᠦᠨ ᠢ ᠨᠡᠶᠢᠲᠡ 9028 ᠬᠥᠮᠦᠨ ᠤᠳᠠᠭ᠎ᠠ ᠬᠠᠪᠰᠤᠷᠤᠨ ᠲᠡᠳᠬᠦᠪᠡ᠃     ᠬᠤᠣᠷ ᠲᠤ ᠬᠤᠯᠪᠣᠭᠳᠠᠬᠤ ᠠᠶᠤᠯ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠪᠡ᠃ ᠥᠪᠥᠷ ᠮᠣᠩᠭᠤᠯ ᠤᠨ ᠭᠠᠵᠠᠷ ᠣᠷᠣᠨ ᠤ ᠣᠨᠴᠠᠯᠢᠭ ᠲᠠᠢ ᠤᠶᠠᠯᠳᠤᠭᠤᠯᠤᠨ᠂ ᠬᠤᠤᠷᠲᠤ ᠡᠳ᠋ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠬᠡᠪ ᠤᠨ ᠪᠤᠰᠤ ᠭᠠᠵᠠᠷ ᠣᠷᠣᠨ ᠤ ᠡᠬᠢ ᠰᠤᠷᠪᠤᠯᠵᠢ ᠶᠢ ᠨᠢ ᠡᠷᠢᠵᠦ ᠬᠠᠷᠭᠤᠭᠤᠯᠤᠨ ᠪᠠᠶᠢᠴᠠᠭᠠᠬᠤ᠂ ᠴᠣᠬᠢᠯᠲᠠ ᠥᠭᠬᠦ᠂ ᠵᠠᠰᠠᠬᠤ ᠠᠵᠢᠯ ᠤᠨ ᠪᠢᠲᠡᠭᠦᠦ ᠴᠠᠭᠠᠷᠢᠭ ᠢ ᠪᠣᠶ ᠪᠣᠯᠭᠠᠪᠠ︔ ᠳᠣᠲᠣᠭᠠᠳᠤ ᠶᠢ ᠬᠠᠮᠠᠭᠠᠯᠠᠬᠤ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠠᠮᠵᠢᠯᠴᠠᠨ ᠬᠤᠯᠪᠣᠭᠠᠯᠠᠨ ᠬᠥᠳᠡᠯᠦᠯᠴᠡᠵᠦ᠂ ᠬᠤᠤᠷᠲᠤ ᠡᠳ᠋ ᠦᠢᠯᠡᠳᠬᠦ ᠳᠤ ᠠᠮᠠᠷᠬᠠᠨ ᠬᠢᠮᠢ ᠶᠢᠨ ᠪᠣᠳᠠᠰ ᠤᠨ ᠠᠵᠢᠯ ᠲᠥᠷᠥᠯ᠂ ᠲᠣᠨᠤᠭ ᠲᠥᠬᠦᠭᠡᠷᠦᠮᠵᠢ ᠶᠢᠨ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠪᠥᠬᠦ ᠣᠷᠣᠨ ᠤ ᠬᠤᠤᠷᠲᠤ ᠡᠳ᠋ ᠦᠢᠯᠡᠳᠬᠦ ᠳᠤ ᠠᠮᠠᠷᠬᠠᠨ ᠬᠢᠮᠢ ᠶᠢᠨ ᠪᠣᠳᠠᠰ ᠤᠨ ᠬᠠᠮᠢᠶᠠᠷᠤᠨ ᠡᠵᠡᠮᠳᠡᠬᠦ ᠨᠣᠷᠮ᠎ᠠ ᠶᠢ 100% ᠳᠤ ᠬᠦᠷᠦᠭᠦᠯᠦᠨ᠎ᠡ︔ ᠳᠠᠭᠠᠭᠤᠯᠢ ᠣᠳᠣᠨ ᠤ ᠠᠯᠤᠰ ᠰᠡᠷᠡᠯ᠂ ᠵᠢᠯᠣᠭᠤᠴᠢ ᠥᠬᠡᠶ ᠨᠢᠰᠬᠡᠯ ᠢᠶᠠᠷ ᠰᠡᠭᠦᠳᠡᠷᠯᠡᠬᠦ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ ᠬᠤᠤᠷᠲᠤ ᠡᠳ᠋ ᠤᠨ ᠤᠷᠭᠤᠮᠠᠯ ᠢ ᠳᠠᠷᠢᠬᠤ ᠶᠢ ᠴᠠᠭᠠᠵᠠᠯᠠᠬᠤ ᠪᠠ ᠠᠷᠢᠯᠭᠠᠬᠤ ᠠᠵᠢᠯᠯᠠᠭ᠎ᠠ ᠶᠢ ᠥᠷᠨᠢᠭᠦᠯᠵᠦ᠂ ᠲᠠᠪᠤᠨ ᠵᠢᠯ ᠳᠤ ᠶᠡᠭᠡ ᠬᠡᠪᠴᠢᠶ᠎ᠡ ᠪᠠᠷ ᠬᠤᠤᠷᠲᠤ ᠡᠳ᠋ ᠤᠨ ᠤᠷᠭᠤᠮᠠᠯ ᠢ ᠳᠠᠷᠢᠭᠰᠠᠨ ᠠᠰᠠᠭᠤᠳᠠᠯ ᠭᠠᠷᠤᠭᠰᠠᠨ ᠥᠬᠡᠶ᠃
2.jpg
     ᠰᠤᠷᠪᠤᠯᠵᠢᠯᠠᠭᠴᠢ᠄ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠤᠷᠭᠠᠭᠤᠯᠢ ᠶᠢᠨ ᠬᠤᠤᠷᠲᠤ ᠡᠳ᠋ ᠢ ᠤᠷᠢᠳᠴᠢᠯᠠᠨ ᠰᠡᠷᠭᠡᠶᠢᠯᠡᠬᠦ ᠰᠤᠷᠭᠠᠨ ᠬᠥᠮᠦᠵᠢᠯ ᠤᠨ ᠠᠵᠢᠯ ᠤᠨ ᠳᠤᠮᠳᠠ ᠶᠠᠮᠠᠷ ᠶᠠᠮᠠᠷ ᠠᠵᠢᠯ ᠤᠨ ᠠᠷᠭ᠎ᠠ ᠬᠡᠮᠵᠢᠶ᠎ᠡ ᠠᠪᠴᠤ᠂ ᠶᠠᠮᠠᠷ ᠶᠠᠮᠠᠷ ᠠᠵᠢᠯ ᠤᠨ ᠦᠷ᠎ᠡ ᠪᠦᠲᠦᠮᠵᠢ ᠣᠯᠤᠭᠰᠠᠨ ᠪᠣᠶ︖
3.jpg
     ᠵᠠᠩ ᠵᠢᠶᠦ᠋ᠨ ᠰᠢ᠄ ᠪᠢᠳᠡ ᠰᠤᠷᠭᠠᠭᠤᠯᠢ ᠶᠢᠨ ᠬᠤᠤᠷᠲᠤ ᠡᠳ᠋ ᠢ ᠤᠷᠢᠳᠴᠢᠯᠠᠨ ᠰᠡᠷᠭᠡᠶᠢᠯᠡᠬᠦ ᠰᠤᠷᠭᠠᠨ ᠬᠥᠮᠦᠵᠢᠯ ᠤᠨ ᠤᠳᠤᠷᠢᠳᠬᠤ ᠪᠠᠶᠢᠭᠤᠯᠤᠮᠵᠢ ᠪᠠ ᠬᠠᠷᠢᠭᠤᠴᠠᠯᠭ᠎ᠠ ᠶᠢᠨ ᠰᠢᠰᠲ᠋ᠧᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠥᠮᠦᠨ ᠪᠣᠯᠭᠠᠨ ᠬᠤᠤᠷᠲᠤ ᠡᠳ᠋ ᠢ ᠴᠠᠭᠠᠵᠠᠯᠠᠬᠤ ᠳᠤ ᠣᠷᠣᠯᠴᠠᠬᠤ︾ ᠬᠤᠤᠷᠲᠤ ᠡᠳ᠋ ᠢ ᠤᠷᠢᠳᠴᠢᠯᠠᠨ ᠰᠡᠷᠭᠡᠶᠢᠯᠡᠬᠦ ᠰᠤᠷᠭᠠᠨ ᠬᠥᠮᠦᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠪᠠ᠃ ᠬᠤᠤᠷᠲᠤ ᠡᠳ᠋ ᠢ ᠤᠷᠢᠳᠴᠢᠯᠠᠨ ᠰᠡᠷᠭᠡᠶᠢᠯᠡᠬᠦ ᠬᠥᠮᠦᠵᠢᠯ ᠢ ᠬᠢᠴᠢᠶᠡᠯ ᠤᠨ ᠲᠠᠩᠬᠢᠮ ᠳᠤ ᠣᠷᠣᠭᠤᠯᠬᠤ ᠶᠢ ᠶᠡᠬᠡᠪᠡᠷ ᠠᠬᠢᠭᠤᠯᠵᠤ᠂ ᠬᠤᠤᠷᠲᠤ ᠡᠳ᠋ ᠢ ᠤᠷᠢᠳᠴᠢᠯᠠᠨ ᠰᠡᠷᠭᠡᠶᠢᠯᠡᠬᠦ ᠬᠥᠮᠦᠵᠢᠯ ᠤᠨ ᠪᠦᠲᠦᠮᠵᠢᠲᠡᠶ ᠠᠷᠭ᠎ᠠ ᠤᠬᠠᠭᠠᠨ ᠢ ᠬᠠᠶᠢᠨ ᠰᠦᠪᠡᠭᠴᠢᠯᠡᠪᠡ᠃ ᠬᠤᠤᠷᠲᠤ ᠡᠳ᠋ ᠢ ᠤᠷᠢᠳᠴᠢᠯᠠᠨ ᠰᠡᠷᠭᠡᠶᠢᠯᠡᠬᠦ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠳᠤ ︽ᠬᠤᠣᠷ ᠦᠭᠡᠢ ᠵᠠᠯᠠᠭᠤ ᠨᠠᠰᠤ ᠬᠤᠤᠷ ᠥᠬᠡᠶ ᠤᠮᠠᠷᠠᠲᠤ ᠬᠢᠯᠢ︾ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ 1 ᠳᠡᠭᠡᠳᠦ ᠰᠤᠷᠭᠠᠭᠤᠯᠢ ᠳᠤ ᠥᠪᠡᠷᠲᠡᠭᠡᠨ ᠵᠠᠰᠠᠬᠤ ᠣᠷᠣᠨ ᠤ ᠬᠤᠤᠷᠲᠤ ᠡᠳ᠋ ᠢ ᠴᠠᠭᠠᠵᠠᠯᠠᠬᠤ ᠬᠥᠮᠦᠵᠢᠯ  ᠪᠣᠯᠪᠠᠰᠤᠷᠠᠯ ᠤᠨ ᠰᠠᠭᠤᠷᠢᠨ ᠭᠠᠵᠠᠷ ᠪᠠᠶᠢᠭᠤᠯᠵᠤ᠂ 8 ᠳᠡᠭᠡᠳᠦ ᠰᠤᠷᠭᠠᠭᠤᠯᠢ ᠳᠤ ᠤᠮᠠᠷᠠᠲᠤ ᠬᠢᠯᠢ ᠶᠢᠨ ᠬᠤᠤᠷᠲᠤ ᠡᠳ᠋ ᠢ ᠴᠠᠭᠠᠵᠠᠯᠠᠬᠤ ᠰᠠᠶᠢᠨ ᠳᠤᠷ᠎ᠠ ᠶᠢᠨ ᠠᠵᠢᠯᠯᠠᠭᠴᠢ ᠶᠢᠨ ᠦᠢᠯᠡᠴᠢᠯᠡᠭᠡᠨ ᠤ ᠠᠩᠭᠢ ᠪᠠᠶᠢᠭᠤᠯᠵᠤ᠂ ᠴᠢᠬᠤᠯᠠ ᠵᠠᠩᠭᠢᠯᠠᠭ᠎ᠠ ᠶᠢᠨ ᠴᠡᠭ ᠪᠣᠯᠬᠤ ᠪᠦᠷᠢ ᠰᠤᠷᠭᠠᠭᠤᠯᠢ ᠶᠢᠨ ᠬᠦᠷᠢᠶᠡᠨ ᠳᠤ ᠬᠤᠤᠷᠲᠤ ᠡᠳ᠋ ᠢ ᠴᠠᠭᠠᠵᠠᠯᠠᠬᠤ ᠭᠤᠤᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠪᠠ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠪᠡ᠃ ᠬᠤᠤᠷᠲᠤ ᠡᠳ᠋ ᠢ ᠤᠷᠢᠳᠴᠢᠯᠠᠨ ᠰᠡᠷᠭᠡᠶᠢᠯᠡᠬᠦ ᠰᠤᠷᠭᠠᠨ ᠬᠥᠮᠦᠵᠢᠯ ᠤᠨ ᠠᠵᠢᠯ ᠤᠨ ᠨᠡᠶᠢᠯᠡᠮᠡᠯ ᠬᠦᠴᠦᠨ ᠢ ᠦᠷᠭᠦᠯᠵᠢᠯᠡᠨ ᠴᠢᠩᠭᠠᠳᠬᠠᠵᠤ᠂ ᠡᠯ᠎ᠡ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠨᠤᠭᠤᠳ ᠰᠤᠷᠭᠠᠭᠤᠯᠢ ᠶᠢᠨ ᠪᠠᠭᠰᠢ᠂ ᠬᠠᠤᠯᠢ ᠪᠠᠷ ᠵᠠᠰᠠᠬᠤ ᠳᠡᠳ᠋ ᠵᠠᠬᠢᠷᠤᠯ ᠪᠠ ᠰᠤᠷᠭᠠᠭᠤᠯᠢ ᠶᠢᠨ ᠭᠠᠳᠠᠨᠠᠬᠢ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠪᠠᠭᠲᠠᠭᠠᠭᠰᠠᠨ ᠬᠤᠤᠷᠲᠤ ᠡᠳ᠋ ᠢ ᠤᠷᠢᠳᠴᠢᠯᠠᠨ ᠰᠡᠷᠭᠡᠶᠢᠯᠡᠬᠦ ᠰᠤᠷᠭᠠᠨ ᠬᠥᠮᠦᠵᠢᠯ ᠤᠨ ᠪᠠᠭᠰᠢ ᠶᠢᠨ ᠬᠦᠴᠦᠨ ᠢ ᠢᠳᠡᠪᠬᠢᠲᠡᠶ ᠪᠠᠶᠢᠭᠤᠯᠵᠤ᠂ ᠬᠤᠤᠷᠲᠤ ᠡᠳ᠋ ᠢ ᠤᠷᠢᠳᠴᠢᠯᠠᠨ ᠰᠡᠷᠭᠡᠶᠢᠯᠡᠬᠦ ᠰᠤᠷᠭᠠᠨ ᠬᠥᠮᠦᠵᠢᠯ ᠤᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃     ᠰᠤᠷᠪᠤᠯᠵᠢᠯᠠᠭᠴᠢ᠄ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠬᠤᠤᠷ ᠲᠠᠲᠠᠬᠤ ᠶᠢ ᠵᠣᠭᠰᠣᠭᠠᠬᠤ ᠪᠠᠶᠢᠭᠤᠯᠭ᠎ᠠ ᠨᠢ ᠬᠡᠷᠬᠢᠨ ᠰᠢᠨᠵᠢᠯᠡᠬᠦ ᠤᠬᠠᠭᠠᠨᠴᠢ ᠪᠠᠷ ᠵᠣᠭᠰᠣᠭᠠᠬᠤ ᠵᠠᠰᠠᠬᠤ ᠶᠢ ᠬᠡᠷᠡᠭᠵᠢᠭᠦᠯᠵᠦ᠂ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠪᠠᠳᠠᠷᠠᠭᠤᠯᠤᠭᠰᠠᠨ ᠪᠣᠶ︖
4.jpg
     ᠫᠠᠨ ᠲᠤᠤ᠄ ᠤᠢᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠬᠤᠣᠷ ᠲᠠᠲᠠᠬᠤ ᠶᠢ ᠵᠣᠭᠰᠣᠭᠠᠬᠤ ᠰᠢᠰᠲ᠋ᠧᠮ ᠤᠨ ᠬᠠᠤᠯᠢ ᠴᠠᠭᠠᠵᠠ ᠶᠢᠨ ᠶᠠᠮᠤᠨ ᠤ ᠬᠤᠣᠷ ᠲᠠᠲᠠᠬᠤ ᠶᠢ ᠵᠣᠭᠰᠣᠭᠠᠬᠤ ᠬᠠᠮᠢᠶᠠᠷᠤᠯᠲᠠ ᠶᠢᠨ ᠲᠣᠪᠴᠢᠶ᠎ᠠ ᠠᠯᠪᠠᠳᠠᠯᠭ᠎ᠠ ᠪᠠᠷ ᠲᠤᠰᠠᠭᠠᠷᠯᠠᠵᠤ ᠬᠤᠤᠷ ᠲᠠᠲᠠᠬᠤ ᠶᠢ ᠵᠣᠭᠰᠣᠭᠠᠬᠤ ᠡᠷᠡᠭᠦᠯᠵᠢᠭᠦᠯᠬᠦ ᠪᠠ ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠣᠭᠰᠣᠭᠠᠬᠤ᠂ ᠨᠡᠶᠢᠭᠡᠮ ᠲᠣᠭᠤᠷᠢᠭ ᠤᠨ ᠡᠷᠡᠭᠦᠯᠵᠢᠭᠦᠯᠬᠦ ᠶᠢ ᠵᠢᠯᠣᠭᠤᠳᠬᠤ ᠪᠠᠷ ᠬᠤᠶᠠᠷ ᠵᠢᠭᠦᠷ ᠪᠣᠯᠭᠠᠭᠰᠠᠨ ︽ᠨᠢᠭᠡ ᠴᠣᠭᠴᠠ ᠬᠤᠶᠠᠷ ᠵᠢᠭᠦᠷ︾ ᠤᠨ ᠠᠵᠢᠯ ᠤᠨ ᠪᠠᠶᠢᠷᠢᠰᠢᠭᠤᠯᠤᠯᠲᠠ ᠨᠢ ᠳᠣᠲᠣᠭᠠᠳᠤ ᠳᠤ ᠪᠠᠨ ᠨᠢᠭᠲᠠ ᠠᠴᠠ ᠨᠢᠭᠲᠠ ᠪᠠᠶᠢᠵᠤ ᠰᠤᠷᠭᠠᠨ ᠬᠥᠮᠦᠵᠢᠭᠦᠯᠵᠦ ᠴᠡᠭᠡᠷᠯᠡᠨ ᠵᠠᠰᠠᠬᠤ ᠠᠵᠢᠯ ᠢ ᠰᠠᠶᠢᠲᠤᠷ ᠬᠢᠵᠦ᠂ ᠭᠠᠳᠠᠭᠰᠢ ᠪᠠᠨ ᠬᠤᠤᠷ ᠲᠠᠲᠠᠬᠤ ᠶᠢ ᠵᠣᠭᠰᠣᠭᠠᠬᠤ ᠠᠵᠢᠯ ᠢ ᠨᠡᠶᠢᠭᠡᠮᠴᠢᠯᠡᠨ ᠤᠷᠲᠤᠳᠬᠠᠬᠤ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠬᠤᠤᠷ ᠴᠠᠭᠠᠵᠠᠯᠠᠬᠤ ᠪᠠ ᠨᠡᠶᠢᠭᠡᠮ ᠤᠨ ᠶᠡᠷᠦᠩᠬᠡᠶᠢᠯᠡᠨ ᠵᠠᠰᠠᠬᠤ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠭᠤᠯᠬᠤ ᠬᠡᠷᠡᠭᠲᠡᠶ᠃      ᠬᠥᠮᠦᠨ ᠢᠶᠠᠷ ᠦᠨᠳᠦᠰᠦ ᠪᠣᠯᠭᠠᠨ᠂ ᠰᠢᠨᠵᠢᠯᠡᠬᠦ ᠤᠬᠠᠭᠠᠨᠴᠢ ᠪᠠᠷ ᠵᠣᠭᠰᠣᠭᠠᠨ ᠵᠠᠰᠠᠵᠤ᠂ ᠰᠤᠳᠤᠯᠭᠠᠨ ᠤ ᠭᠠᠵᠠᠷ ᠤᠨ ᠳᠣᠲᠣᠭᠠᠳᠤ ᠶᠢᠨ ᠴᠡᠭᠡᠷᠯᠡᠨ ᠵᠣᠭᠰᠣᠭᠠᠬᠤ ᠵᠠᠰᠠᠬᠤ ᠰᠢᠨ᠎ᠡ ᠬᠡᠪ ᠵᠠᠭᠪᠤᠷ ᠢ ᠬᠠᠶᠢᠨ ᠰᠦᠪᠡᠭᠴᠢᠯᠡᠵᠦ᠂ ᠣᠷᠣᠨ ᠪᠦᠰᠡ ᠶᠢ ᠰᠠᠯᠭᠠᠨ ᠪᠠᠶᠢᠭᠤᠯᠤᠭᠰᠠᠨ᠂ ᠲᠤᠰᠬᠠᠶ ᠮᠡᠷᠭᠡᠵᠢᠯ ᠢᠶᠠᠷ ᠵᠣᠭᠰᠣᠭᠠᠨ ᠵᠠᠰᠠᠭᠰᠠᠨ᠂ ᠡᠮᠴᠢᠯᠡᠭᠡ ᠪᠠ ᠰᠤᠷᠭᠠᠨ ᠬᠥᠮᠦᠵᠢᠯ ᠢ ᠵᠡᠷᠭᠡ ᠪᠠᠷ ᠴᠢᠬᠤᠯᠠᠴᠢᠯᠠᠭᠰᠠᠨ᠂ ᠪᠦᠲᠦᠮᠵᠢᠲᠡᠶ ᠪᠠᠷ ᠵᠣᠯᠭᠠᠭᠤᠯᠤᠭᠰᠠᠨ ᠠᠵᠢᠯ ᠤᠨ ᠰᠢᠰᠲ᠋ᠧᠮ ᠢ ᠪᠦᠷᠢᠯᠳᠦᠭᠦᠯᠪᠡ᠃ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠳᠠᠪᠠᠭᠤᠯᠢᠭ ᠢᠶᠠᠨ ᠶᠡᠬᠡᠰᠬᠡᠵᠦ᠂ ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠣᠭᠰᠣᠭᠠᠬᠤ᠂ ᠨᠡᠶᠢᠭᠡᠮ ᠲᠣᠭᠤᠷᠢᠭ ᠤᠨ ᠡᠷᠡᠭᠦᠯᠵᠢᠭᠦᠯᠬᠦ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠵᠤ᠂ ᠵᠠᠯᠠᠭᠤᠴᠤᠳ ᠪᠠᠭᠠᠴᠤᠳ ᠤᠨ ᠬᠤᠤᠷ ᠴᠠᠭᠠᠵᠠᠯᠠᠬᠤ ᠤᠬᠠᠭᠤᠯᠭ᠎ᠠ ᠶᠢᠨ ᠬᠡᠯᠪᠡᠷᠢ ᠪᠠ ᠠᠴᠢᠶᠠᠯᠠᠪᠤᠷᠢ ᠶᠢ ᠲᠠᠰᠤᠷᠠᠯᠲᠠ ᠥᠬᠡᠶ ᠪᠠᠶᠠᠯᠢᠭᠵᠢᠭᠤᠯᠬᠤ ᠶᠢᠨ ᠬᠠᠮᠲᠤ᠂ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠭᠦᠶᠴᠡᠳ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠣᠭᠰᠣᠭᠠᠬᠤ ᠡᠷᠡᠭᠦᠯᠵᠢᠯ ᠤᠨ ᠵᠢᠯᠣᠭᠤᠳᠬᠤ ᠥᠷᠲᠡᠭᠡ ᠨᠡᠶᠢᠲᠡ 91 ᠪᠠᠶᠢᠭᠤᠯᠵᠤ᠂ ᠣᠳᠣᠬᠠᠨ ᠳᠤ ᠨᠡᠶᠢᠭᠡᠮ ᠤᠨ ᠲᠣᠭᠤᠷᠢᠭ ᠤᠨ ᠵᠣᠭᠰᠣᠭᠠᠬᠤ ᠡᠷᠡᠭᠦᠯᠵᠢᠭᠦᠯᠬᠦ 2753 ᠬᠥᠮᠥᠨ ᠢ ᠬᠠᠪᠰᠤᠷᠤᠨ ᠲᠡᠳᠬᠦᠵᠦ᠂ ᠠᠵᠢᠯ ᠣᠯᠭᠤᠯᠲᠠ ᠶᠢᠨ ᠲᠡᠳᠬᠦᠮᠵᠢ᠂ ᠬᠤᠤᠷ ᠲᠠᠲᠠᠬᠤ ᠶᠢ ᠵᠣᠭᠰᠣᠭᠠᠬᠤ ᠡᠮᠴᠢᠯᠡᠭᠡ᠂ ᠨᠡᠶᠢᠭᠡᠮ ᠤᠨ ᠠᠪᠤᠷᠠᠨ ᠲᠤᠰᠠᠯᠠᠯᠲᠠ᠂ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ ᠲᠠᠯ᠎ᠠ ᠶᠢᠨ 411 ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ 62 ᠤᠳᠠᠭ᠎ᠠ ᠥᠷᠨᠢᠭᠦᠯᠵᠦ᠂ 1300 ᠰᠢᠬᠠᠮ ᠬᠥᠮᠦᠨ ᠳᠤ ᠠᠰᠢᠭ ᠬᠦᠷᠲᠡᠭᠡᠪᠡ᠃ ᠢᠳᠡᠪᠬᠢᠲᠡᠶ ᠪᠠᠷ ᠰᠦᠪᠡᠭᠴᠢᠯᠡᠨ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠤᠤᠷ ᠲᠠᠲᠠᠬᠤ ᠶᠢ ᠵᠣᠭᠰᠣᠭᠠᠬᠤ ᠡᠷᠡᠭᠦᠯᠵᠢᠯ ᠤᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ︽ᠨᠢᠭᠡ ᠥᠷᠲᠡᠭᠡᠨ ᠤ ᠮᠠᠶ᠋ᠢᠭ︾ ᠤᠨ ᠵᠢᠯᠣᠭᠤᠳᠣᠯᠭ᠎ᠠ ᠦᠢᠯᠡᠴᠢᠯᠡᠭᠡ ᠶᠢᠨ ᠬᠤᠤᠷ ᠲᠠᠲᠠᠬᠤ ᠶᠢ ᠵᠣᠭᠰᠣᠭᠠᠬᠤ ᠡᠷᠡᠭᠦᠯᠵᠢᠯ ᠤᠨ ᠵᠠᠭᠪᠤᠷ ᠢ ᠰᠦᠪᠡᠭᠴᠢᠯᠡᠨ ᠪᠣᠶ ᠪᠣᠯᠭᠠᠵᠤ᠂ ᠬᠤᠤᠷ  ᠲᠠᠲᠠᠭᠰᠠᠳ ᠤᠨ ᠠᠵᠢᠯ ᠤᠯᠬᠤ ᠨᠣᠷᠮ᠎ᠠ ᠶᠢ ᠳᠡᠭᠡᠭᠰᠢᠯᠡᠭᠦᠯᠬᠦ᠂ ᠨᠠᠰᠤᠨ ᠳᠤ ᠥᠯᠥ ᠬᠥᠷᠬᠦ ᠬᠤᠤᠷ ᠲᠠᠲᠠᠭᠰᠠᠳ ᠤᠨ ᠰᠤᠷᠤᠯᠭ᠎ᠠ ᠪᠠᠨ ᠳᠣᠷᠭᠤᠨ ᠵᠣᠭᠰᠣᠬᠤ ᠨᠣᠷᠮ᠎ᠠ ᠶᠢ ᠪᠠᠭᠤᠷᠠᠭᠤᠯᠬᠤ᠂ ᠬᠤᠤᠷ ᠲᠠᠲᠠᠬᠤ ᠪᠠᠨ ᠵᠣᠭᠰᠣᠭᠰᠠᠨ ᠬᠥᠮᠦᠰ ᠤᠨ ᠳᠠᠬᠢᠨᠲᠠ ᠬᠠᠤᠯᠢ ᠠᠴᠠ ᠵᠥᠷᠢᠴᠡᠨ ᠶᠠᠯ᠎ᠠ ᠬᠢᠬᠦ ᠨᠣᠷᠮ᠎ᠠ ᠶᠢ ᠪᠠᠭᠤᠷᠠᠭᠤᠯᠬᠤ᠂ ᠳᠠᠬᠢᠨ ᠲᠠᠲᠠᠬᠤ ᠨᠣᠷᠮ᠎ᠠ ᠶᠢ ᠪᠠᠭᠤᠷᠠᠭᠤᠯᠬᠤ ᠵᠡᠷᠭᠡ ᠠᠵᠢᠯ ᠤᠨ ᠬᠠᠷᠠᠯᠲᠠ ᠶᠢ ᠪᠡᠶᠡᠯᠡᠭᠦᠯᠪᠡ᠃      ᠰᠤᠷᠪᠤᠯᠵᠢᠯᠠᠭᠴᠢ᠄ ᠮᠠᠨ ᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠡᠮᠴᠢᠯᠡᠭᠡᠨ ᠤ ᠪᠠᠶᠢᠭᠤᠯᠤᠮᠵᠢ ᠶᠢᠨ ᠮᠢᠨᠴᠦᠭᠦᠷᠡᠭᠦᠯᠬᠦ᠂ ᠮᠡᠳᠡᠷᠡᠯ ᠤᠨ ᠡᠮ ᠬᠡᠷᠡᠭᠯᠡᠬᠦ ᠶᠢ ᠬᠢᠨᠠᠨ ᠬᠠᠮᠢᠶᠠᠷᠬᠤ ᠶᠢ ᠬᠡᠷᠬᠢᠨ ᠪᠦᠲᠦᠮᠵᠢᠲᠡᠶ ᠥᠷᠨᠢᠭᠦᠯᠦᠭᠰᠡᠨ ᠪᠣᠶ︖
5.jpg
      ᠠᠷᠰᠯᠠᠨ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠭᠤᠤᠯᠳᠠᠭᠤ ᠳᠣᠤᠷᠠᠬᠢ ᠬᠡᠳᠦᠨ ᠲᠠᠯ᠎ᠠ ᠪᠠᠷ ᠠᠵᠢᠯ ᠢᠶᠠᠨ ᠥᠷᠨᠢᠭᠦᠯᠦᠨ᠎ᠡ᠄ ᠮᠢᠨᠴᠦᠷᠡᠭᠦᠯᠬᠦ ᠡᠮ ᠤᠨ ᠵᠦᠢᠯ ᠪᠠ ᠨᠢᠭᠡᠳᠦᠭᠡᠷ ᠲᠥᠷᠥᠯ ᠤᠨ ᠮᠡᠳᠡᠷᠡᠯ ᠤᠨ ᠡᠮ ᠤᠨ ᠬᠠᠮᠢᠶᠠᠷᠤᠯᠲᠠ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠢᠨᠴᠦᠷᠡᠭᠦᠯᠬᠦ ᠡᠮ ᠤᠨ ᠵᠦᠢᠯ ᠪᠠ ᠮᠡᠳᠡᠷᠡᠯ ᠤᠨ ᠡᠮ ᠤᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠪᠡ᠃ ᠡᠮᠴᠢᠯᠡᠭᠡᠨ ᠤ ᠪᠠᠶᠢᠭᠤᠯᠤᠮᠵᠢ ᠶᠢᠨ ︽ᠮᠢᠨᠴᠦᠷᠡᠭᠦᠯᠬᠦ ᠪᠠ ᠮᠡᠳᠡᠷᠡᠯ ᠤᠨ ᠡᠮ ᠤᠨ ᠵᠦᠢᠯ︾ ᠤᠨ ᠬᠠᠮᠢᠶᠠᠷᠤᠯᠲᠠ ᠶᠢᠨ ᠪᠠᠶᠢᠳᠠᠯ ᠢ ᠡᠮᠨᠡᠯᠭᠡ ᠶᠢᠨ ᠬᠤᠷᠢᠶ᠎ᠠ ᠶᠢᠨ ᠵᠡᠷᠭᠡ ᠳᠡᠰ ᠢ ᠬᠢᠨᠠᠨ ᠲᠣᠭᠲᠠᠭᠠᠬᠤ᠂ ᠵᠦᠶ ᠵᠣᠬᠢᠰᠲᠠᠶ ᠬᠡᠷᠡᠭᠯᠡᠬᠦ ᠡᠮ ᠢ ᠬᠢᠨᠠᠨ ᠰᠢᠯᠭᠠᠬᠤ᠂ ᠡᠮᠴᠢᠯᠡᠭᠡᠨ ᠳᠤ ᠬᠡᠷᠡᠭᠯᠡᠬᠦ ᠡᠮ ᠤᠨ ᠶᠠᠰᠤ ᠴᠢᠨᠠᠷ ᠢ ᠡᠵᠡᠮᠳᠡᠬᠦ ᠵᠡᠷᠭᠡ ᠠᠵᠢᠯ ᠤᠨ ᠬᠢᠨᠠᠨ ᠰᠢᠯᠭᠠᠬᠤ ᠪᠠ ᠦᠨᠡᠯᠡᠬᠦ ᠳᠤ ᠵᠢᠭᠰᠠᠭᠠᠨ ᠣᠷᠣᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠶᠢ ᠰᠢᠪᠠᠳᠠᠵᠤ ᠪᠠᠶᠢᠭᠠᠳ︽ᠮᠢᠨᠴᠦᠷᠡᠭᠦᠯᠬᠦ ᠪᠠ ᠮᠡᠳᠡᠷᠡᠯ ᠤᠨ ᠡᠮ ᠤᠨ ᠵᠦᠢᠯ︾ ᠤᠨ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠪᠠ᠃ ᠡᠮᠴᠢᠯᠡᠭᠡᠨ ᠤ ᠪᠠᠶᠢᠭᠤᠯᠤᠮᠵᠢ ᠪᠣᠯᠤᠨ ᠡᠮᠨᠡᠯᠭᠡ ᠶᠢᠨ ᠠᠵᠢᠯᠲᠠᠨ ᠤ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠰᠤᠷᠤᠯᠴᠠᠯᠭ᠎ᠠ ᠪᠣᠯᠪᠠᠰᠤᠷᠠᠯ ᠢ ᠴᠢᠩᠭᠠᠳᠬᠠᠵᠤ᠂ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠡᠮᠴᠢ ᠳᠤ ︽ᠮᠢᠨᠴᠦᠷᠡᠭᠦᠯᠬᠦ ᠪᠠ ᠮᠡᠳᠡᠷᠡᠯ ᠤᠨ ᠡᠮ ᠤᠨ ᠵᠦᠢᠯ︾ ᠤᠨ ᠵᠣᠷ ᠣᠯᠭᠤᠬᠤ ᠡᠷᠬᠡ ᠶᠢ ᠵᠢᠷᠤᠮᠵᠢᠭᠤᠯᠤᠨ᠂ ᠡᠯ᠎ᠡ ᠡᠮᠴᠢᠯᠡᠭᠡᠨ ᠤ ᠪᠠᠶᠢᠭᠤᠯᠤᠮᠵᠢ ᠪᠣᠯᠤᠨ ᠡᠮᠨᠡᠯᠭᠡ ᠶᠢᠨ ᠠᠵᠢᠯᠲᠠᠨ ᠤ ︽ᠮᠢᠨᠴᠦᠷᠡᠭᠦᠯᠬᠦ ᠪᠠ ᠮᠡᠳᠡᠷᠡᠯ ᠤᠨ ᠡᠮ ᠤᠨ ᠵᠦᠢᠯ︾ ᠤᠨ ᠬᠠᠮᠢᠶᠠᠷᠤᠯᠲᠠ ᠶᠢᠨ ᠠᠮᠤᠷ ᠲᠦᠪᠰᠢᠨ ᠤ ᠦᠵᠡᠯ ᠤᠬᠠᠮᠰᠠᠷ᠂ ᠬᠠᠷᠢᠭᠤᠴᠠᠯᠭ᠎ᠠ ᠶᠢᠨ ᠦᠵᠡᠯ ᠤᠬᠠᠮᠰᠠᠷ ᠪᠣᠯᠤᠨ ᠬᠠᠤᠯᠢ ᠴᠠᠭᠠᠵᠠ ᠶᠢᠨ ᠦᠵᠡᠯ ᠤᠬᠠᠮᠰᠠᠷ ᠢ ᠦᠷᠭᠦᠯᠵᠢᠯᠡᠨ ᠳᠡᠭᠡᠭᠰᠢᠯᠡᠭᠦᠯᠪᠡ᠃ ᠳᠣᠲᠣᠭᠠᠳᠤ ᠶᠢ ᠬᠠᠮᠠᠭᠠᠯᠠᠬᠤ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠨ ᠮᠢᠨᠴᠦᠷᠡᠭᠦᠯᠬᠦ ᠡᠮ ᠤᠨ ᠵᠦᠢᠯ ᠪᠠ ᠮᠡᠳᠡᠷᠡᠯ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠤᠰᠬᠠᠶ ᠪᠠᠶᠢᠴᠠᠭᠠᠯᠲᠠ ᠶᠢ ᠥᠷᠨᠢᠭᠦᠯᠵᠦ᠂ ︽ᠮᠢᠨᠴᠦᠭᠦᠷᠡᠭᠦᠯᠬᠦ ᠡᠮ ᠤᠨ ᠵᠦᠢᠯ︾ ᠤᠨ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠬᠠᠮᠲᠤᠪᠠᠷ ᠪᠠᠶᠢᠭᠤᠯᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠬᠠᠮᠠᠭᠠᠯᠠᠨ᠎ᠠ᠃     ᠰᠤᠷᠪᠤᠯᠵᠢᠯᠠᠭᠴᠢ᠄ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠮᠢᠨᠴᠦᠭᠦᠷᠡᠭᠦᠯᠬᠦ᠂ ᠮᠡᠳᠡᠷᠡᠯ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ᠂ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠣᠶ︖
6.jpg
    ᠵᠠᠩ ᠳ᠋ᠧ ᡁᠢ᠄ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠮᠢᠨᠴᠦᠷᠡᠭᠦᠯᠬᠦ᠂ ᠮᠡᠳᠡᠷᠡᠯ ᠤᠨ ᠡᠮ ᠤᠨ ᠵᠦᠢᠯ ᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠮᠢᠨᠴᠦᠷᠡᠭᠦᠯᠬᠦ᠂ ᠮᠡᠳᠡᠷᠡᠯ ᠤᠨ ᠡᠮ ᠤᠨ ᠬᠠᠤᠯᠢ ᠪᠤᠰᠤ ᠵᠠᠮ ᠳᠤ ᠣᠷᠣᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠨᠢᠭᠡ ᠳᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠭᠰᠠᠨ ᠰᠠᠭᠤᠷᠢᠨ ᠳᠡᠭᠡᠷ᠎ᠡ᠂ ᠵᠢᠯ ᠪᠦᠷᠢ ᠪᠥᠬᠦ ᠣᠷᠣᠨ ᠳᠤ ᠮᠢᠨᠴᠦᠷᠡᠭᠦᠯᠬᠦ᠂ ᠮᠡᠳᠡᠷᠡᠯ ᠤᠨ ᠡᠮ ᠤᠨ ᠵᠦᠢᠯ ᠢ ᠦᠢᠯᠡᠳᠪᠦᠷᠢᠯᠡᠬᠦ᠂ ᠡᠵᠡᠩᠨᠡᠬᠦ᠂ ᠬᠡᠷᠡᠭᠯᠡᠬᠦ ᠵᠠᠩᠭᠢᠯᠠᠭ᠎ᠠ ᠶᠢᠨ ᠲᠤᠰᠬᠠᠶ ᠵᠦᠢᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠮ ᠤᠨ ᠵᠦᠢᠯ ᠤᠨ ᠢᠷᠡᠯᠲᠡ ᠶᠢ ᠪᠠᠶᠢᠴᠠᠭᠠᠵᠤ ᠪᠣᠯᠬᠤ᠂ ᠬᠠᠮᠢᠭᠠᠰᠢ ᠶᠠᠪᠤᠭᠰᠠᠨ ᠢ ᠨᠡᠬᠡᠮᠵᠢᠯᠡᠵᠦ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠶᠠᠷ ᠲᠤ᠂ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠵᠠᠰᠠᠬᠤ ᠶᠢ ᠪᠥᠬᠦ ᠲᠠᠯ᠎ᠠ ᠪᠠᠷ ᠴᠢᠩᠭᠠᠳᠬᠠᠵᠤ᠂ ︽6·26︾ ᠤ ᠬᠤᠤᠷ ᠴᠠᠭᠠᠵᠠᠯᠠᠬᠤ ᠡᠳᠦᠷ᠂ ︽ᠠᠮᠤᠷ ᠲᠦᠪᠰᠢᠨ ᠢᠶᠠᠷ ᠡᠮ ᠬᠡᠷᠡᠭᠯᠡᠬᠦ ᠰᠠᠷ᠎ᠠ︾ ᠵᠡᠷᠭᠡ ᠠᠵᠢᠯᠯᠠᠭ᠎ᠠ ᠳᠤ ᠲᠦᠰᠢᠭᠯᠡᠨ᠂ ᠠᠮᠤᠷ ᠲᠦᠪᠰᠢᠨ ᠢᠶᠠᠷ ᠡᠮ ᠬᠡᠷᠡᠭᠯᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠭᠤᠷᠪᠠ ᠳᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠲᠦᠷᠦᠯ ᠵᠦᠢᠯ᠂ ᠭᠤᠣᠯᠳᠠᠯᠭ᠎ᠠ ᠲᠠᠢ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠢᠨᠴᠦᠭᠦᠷᠡᠭᠦᠯᠬᠦ᠂ ᠮᠡᠳᠡᠷᠡᠯ ᠤᠨ ᠡᠮ ᠤᠨ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠷᠭᠦᠯᠵᠢᠯᠡᠨ ᠪᠠᠲᠤᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠦᠨᠡᠨ ᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠰᠠᠯᠠᠭ᠎ᠠ ᠮᠥᠴᠢᠷ ᠤᠨ ᠬᠠᠮᠵᠢᠯᠴᠠᠨ ᠬᠥᠳᠡᠯᠦᠯᠴᠡᠬᠦ ᠵᠢᠴᠢ ᠤᠬᠠᠭᠤᠯᠭ᠎ᠠ ᠬᠥᠮᠦᠵᠢᠯ ᠢ ᠲᠦᠭᠡᠮᠡᠯᠵᠢᠭᠦᠯᠬᠦ ᠶᠢ ᠴᠢᠩᠭᠠᠳᠬᠠᠵᠤ᠂ ᠨᠠᠰᠤᠨ ᠳᠤ ᠥᠯᠥ ᠬᠦᠷᠦᠭᠰᠡᠳ ᠵᠢᠴᠢ ᠬᠡᠷ ᠤᠨ ᠠᠬᠠᠮᠠᠳ ᠢ ᠬᠥᠲᠥᠯᠦᠨ ᠵᠢᠯᠣᠭᠤᠳᠴᠤ ᠪᠠᠶᠢᠭᠠᠳ ᠣᠶᠤᠨ ᠰᠠᠨᠠᠭᠠᠨ ᠤ ᠲᠥᠷᠥᠯ ᠤᠨ ᠡᠮ ᠢ ᠵᠥᠪ ᠲᠠᠨᠢᠭᠤᠯᠵᠤ᠂ ᠡᠮ ᠢ ᠳᠤᠷ᠎ᠠ ᠪᠠᠷ ᠢᠶᠠᠨ ᠬᠡᠷᠡᠭᠯᠡᠬᠦ ᠠᠴᠠ ᠤᠬᠠᠮᠰᠠᠷ ᠠᠴᠠ ᠪᠠᠨ ᠵᠠᠶᠢᠯᠠᠰᠬᠢᠵᠦ᠂ ᠡᠮ ᠤᠨ ᠰᠢᠨᠤᠯ ᠲᠠᠢ ᠪᠣᠯᠬᠤ ᠶᠢ ᠤᠷᠢᠳᠴᠢᠯᠠᠨ ᠰᠡᠷᠭᠡᠶᠢᠯᠡᠵᠦ᠂ ᠨᠠᠰᠤᠨ ᠳᠤ ᠥᠯᠥ ᠬᠦᠷᠦᠭᠰᠡᠳ ᠤᠨ ᠲᠦᠭᠰᠢᠭᠦᠷᠢ ᠶᠢᠨ ᠦᠵᠡᠯ ᠤᠬᠠᠮᠰᠠᠷ ᠪᠠ ᠠᠮᠤᠷ ᠲᠦᠪᠰᠢᠨ ᠵᠦᠶ ᠵᠣᠬᠢᠰᠲᠠᠶ ᠡᠮ ᠬᠡᠷᠡᠭᠯᠡᠬᠦ ᠦᠵᠡᠯ ᠤᠬᠠᠮᠰᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃      ᠰᠤᠷᠪᠤᠯᠵᠢᠯᠠᠭᠴᠢ᠄ ᠰᠢᠤᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠦᠷᠭᠡᠬᠦ ᠠᠷᠭ᠎ᠠ ᠵᠠᠮ ᠤᠨ ᠬᠤᠤᠷ ᠴᠠᠭᠠᠵᠠᠯᠠᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖
7.jpg
     ᠳ᠋ᠦᠩ ᠭᠠᠩ᠄ ᠪᠢᠳᠡ ᠳᠣᠲᠣᠭᠠᠳᠤ ᠶᠢ ᠬᠠᠮᠠᠭᠠᠯᠠᠬᠤ ᠬᠤᠣᠷ ᠴᠠᠭᠠᠵᠠᠯᠠᠬᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠠᠯᠢ ᠣᠯᠠᠨ ᠪᠣᠳᠠᠲᠠᠶ ᠠᠷᠭ᠎ᠠ ᠬᠡᠮᠵᠢᠶ᠎ᠡ ᠠᠪᠴᠤ᠂ ᠢᠯᠡᠭᠡᠬᠦ ᠬᠦᠷᠭᠡᠬᠦ ᠠᠷᠭ᠎ᠠ ᠵᠠᠮ ᠢᠶᠠᠷ ᠬᠤᠤᠷᠲᠤ ᠡᠳ᠋ ᠢ ᠴᠠᠭᠠᠵᠠᠯᠠᠬᠤ ᠠᠵᠢᠯ ᠢ ᠪᠥᠬᠦ ᠲᠠᠯ᠎ᠠ ᠪᠠᠷ ᠭᠦᠨᠵᠡᠭᠡᠶ ᠥᠷᠨᠢᠭᠦᠯᠦᠨ᠎ᠡ᠃ ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠤᠤᠷ ᠴᠠᠭᠠᠵᠠᠯᠠᠬᠤ ᠶᠡᠷᠦᠩᠬᠡᠶ ᠠᠩᠭᠢ ᠲᠠᠢ ᠬᠠᠮᠲᠤᠷᠠᠨ ᠲᠦᠷᠭᠡᠨ ᠬᠦᠷᠭᠡᠬᠦ ᠬᠦᠷᠢᠶᠡᠯᠡᠩ ᠲᠣᠭᠤᠷᠢᠭ ᠤᠨ ᠬᠤᠤᠷ ᠴᠠᠭᠠᠵᠠᠯᠠᠬᠤ ᠠᠵᠢᠯ ᠤᠨ ᠥᠷᠲᠡᠭᠡ ᠶᠢᠨ ᠪᠣᠳᠠᠲᠤ ᠴᠣᠭᠴᠠᠵᠢᠭᠤᠯᠤᠨ ᠠᠵᠢᠯᠯᠠᠭᠤᠯᠬᠤ ᠶᠢ ᠠᠬᠢᠭᠤᠯᠵᠤ᠂ ᠰᠠᠯᠠᠭ᠎ᠠ ᠮᠥᠴᠢᠷ ᠤᠨ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠬᠦ ᠲᠣᠭᠲᠠᠴᠠ ᠪᠠ ᠵᠠᠰᠠᠭ ᠠᠵᠤ ᠠᠬᠤᠶᠢᠯᠠᠯ ᠤᠨ ᠬᠠᠷᠢᠯᠴᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠎ᠠ᠃ ᠬᠤᠶᠠᠷ ᠲᠤ᠂ ᠢᠯᠡᠭᠡᠬᠦ ᠬᠦᠷᠭᠡᠬᠦ ᠠᠷᠭ᠎ᠠ ᠵᠠᠮ ᠤᠨ ᠠᠮᠤᠷ ᠲᠦᠪᠰᠢᠨ ᠤ ᠬᠠᠮᠲᠤᠷᠠᠭᠰᠠᠨ ᠬᠢᠨᠠᠨ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠠᠮᠤᠷ ᠲᠦᠪᠰᠢᠨ ᠤ ᠬᠠᠮᠢᠶᠠᠷᠤᠯᠲᠠ ᠶᠢᠨ ᠬᠦᠴᠦᠨ ᠢ ᠠᠯᠬᠤᠮ ᠠᠯᠬᠤᠮ ᠢᠶᠠᠷ ᠴᠢᠩᠭᠠᠳᠬᠠᠵᠤ᠂ ᠬᠦᠷᠭᠡᠬᠦ ᠠᠷᠭ᠎ᠠ ᠵᠠᠮ ᠤᠨ ᠬᠤᠤᠷᠲᠤ ᠡᠳ᠋ ᠲᠤ ᠬᠤᠯᠪᠣᠭᠳᠠᠭᠰᠠᠨ ᠶᠠᠯᠠᠲᠤ ᠠᠵᠢᠯᠯᠠᠭ᠎ᠠ ᠶᠢ ᠬᠠᠮᠲᠤᠷᠠᠨ ᠪᠠᠶᠢᠴᠠᠭᠠᠨ ᠪᠠᠷᠢᠪᠴᠢᠯᠠᠬᠤ ᠠᠵᠢᠯ ᠢ ᠭᠦᠨᠵᠡᠭᠡᠶᠢᠷᠡᠭᠦᠯᠵᠦ᠂ ᠬᠦᠷᠭᠡᠬᠦ ᠠᠷᠭ᠎ᠠ ᠵᠠᠮ ᠤᠨ ᠬᠤᠤᠷᠲᠤ ᠡᠳ᠋ ᠢ ᠴᠠᠭᠠᠵᠠᠯᠠᠬᠤ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠲᠠᠰᠤᠷᠠᠯᠲᠠ ᠥᠬᠡᠶ ᠠᠬᠢᠭᠤᠯᠤᠨ᠎ᠠ᠃ ᠭᠤᠷᠪᠠ ᠳᠤ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠤᠯᠠᠨ ᠠᠷᠭ᠎ᠠ ᠵᠠᠮ ᠢᠶᠠᠷ ᠠᠵᠢᠯᠲᠠᠨ ᠠᠵᠢᠯᠴᠢᠳ ᠤᠨ ᠬᠤᠣᠷ ᠴᠠᠭᠠᠵᠠᠯᠠᠬᠤ ᠤᠬᠠᠮᠰᠠᠷ ᠪᠣᠯᠤᠨ ᠪᠠᠶᠢᠴᠠᠭᠠᠨ ᠬᠤᠷᠢᠭᠯᠠᠵᠤ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠢᠳᠡ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠤᠤᠷ ᠴᠠᠭᠠᠵᠠᠯᠠᠬᠤ ᠠᠵᠢᠯ ᠤᠨ ᠥᠷᠲᠡᠭᠡ ᠶᠢᠨ ᠪᠣᠳᠠᠲᠤ ᠴᠣᠭᠴᠠᠲᠤ ᠠᠵᠢᠯᠯᠠᠭᠠᠨ ᠢ ᠦᠷᠭᠦᠯᠵᠢᠯᠡᠨ ᠰᠠᠶᠢᠲᠤᠷ ᠬᠢᠵᠦ᠂ ᠳᠣᠲᠣᠭᠠᠳᠤ ᠶᠢ ᠬᠠᠮᠠᠭᠠᠯᠠᠬᠤ ᠬᠤᠤᠷ ᠴᠠᠭᠠᠵᠠᠯᠠᠬᠤ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠨ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠪᠠᠶᠢᠳᠠᠯ ᠢ ᠮᠡᠳᠡᠭᠡᠯᠡᠬᠦ᠂ ᠰᠦᠪᠡᠭᠴᠢ ᠶᠢ ᠳᠠᠮᠵᠢᠭᠤᠯᠤᠨ ᠬᠦᠷᠭᠡᠬᠦ᠂ ᠬᠠᠮᠲᠤᠷᠠᠨ ᠬᠠᠤᠯᠢ ᠬᠡᠷᠡᠭᠵᠢᠭᠦᠯᠬᠦ ᠵᠡᠷᠭᠡ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠢᠯᠡᠭᠡᠬᠦ ᠬᠦᠷᠭᠡᠬᠦ ᠠᠷᠭ᠎ᠠ ᠵᠠᠮ ᠤᠨ ᠬᠤᠤᠷ ᠴᠠᠭᠠᠵᠠᠯᠠᠬᠤ ᠠᠵᠢᠯ ᠤᠨ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠬᠢᠷᠢ ᠲᠦᠪᠰᠢᠨ ᠪᠠ ᠬᠠᠮᠵᠢᠯᠴᠠᠨ ᠪᠠᠶᠢᠯᠳᠤᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠬᠤᠤᠷᠲᠤ ᠡᠳ᠋ ᠢ ᠢᠯᠡᠭᠡᠬᠦ ᠬᠦᠷᠭᠡᠬᠦ ᠠᠷᠭ᠎ᠠ ᠵᠠᠮ ᠢᠶᠠᠷ ᠳᠠᠮᠵᠢᠭᠤᠯᠤᠨ ᠲᠠᠷᠬᠠᠭᠠᠬᠤ ᠶᠢ ᠴᠢᠩᠭ᠎ᠠ ᠰᠡᠷᠭᠡᠶᠢᠯᠡᠨ᠎ᠡ᠃
ᠢᠷᠡᠯᠲᠡ᠄ ᠦᠪᠦᠷ ᠮᠤᠩᠭᠤᠯ ᠤᠨ ᠳᠤᠲᠤᠭᠠᠳᠤ ᠶᠢ ᠬᠠᠮᠠᠭᠠᠯᠠᠬᠤ ᠲᠢᠩᠬᠢᠮ