ᠰᠢᠯᠤᠭᠤᠨ ᠬᠥᠬᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠬᠠᠷᠢᠶ᠎ᠠ ᠣᠷᠣᠨ ᠳᠤ ᠭᠦᠨᠵᠡᠭᠡᠶᠢᠷᠡᠨ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/7
      ᠰᠢᠯᠤᠭᠤᠨ ᠬᠥᠬᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠦᠨᠳᠦᠰᠦᠲᠡᠨ ᠤ ᠰᠣᠶᠣᠯ ᠤᠨ ᠣᠨᠴᠠᠯᠢᠭ ᠢ ᠦᠨᠳᠦᠰᠦᠯᠡᠵᠦ᠂ ︽ᠰᠢᠷ᠎ᠠ ᠲᠠᠯ᠎ᠠ ᠶᠢᠨ ᠵᠤᠨ︾ ᠤᠷᠠᠨ ᠰᠠᠶᠢᠬᠠᠨ ᠤ ᠲᠣᠭᠯᠠᠯᠲᠠ ᠶᠢᠨ ᠠᠬᠤᠢ ᠲᠠᠯᠠᠪᠠᠶ ᠳᠤ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠵᠤ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
2.jpg
      ᠠᠷᠠᠳ ᠤᠨ ᠴᠠᠭᠳᠠᠭ᠎ᠠ ᠨᠠᠷ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠶᠢᠨ ᠬᠠᠮᠲᠤ ᠦᠰᠦᠭ ᠵᠢᠷᠤᠭ ᠤᠨ ᠲᠠᠶᠢᠯᠪᠤᠷᠢ ᠪᠠᠷ ᠠᠬᠤᠢ ᠲᠠᠯᠠᠪᠠᠢ ᠳᠤ ᠪᠠᠶᠢᠭᠰᠠᠨ ᠡᠯ᠎ᠡ ᠠᠵᠢᠯ ᠲᠥᠷᠥᠯ ᠤᠨ ᠠᠵᠢᠯᠲᠠᠨ ᠵᠢᠴᠢ ᠣᠯᠠᠨ ᠲᠦᠮᠡᠨ ᠳᠤ ᠭᠠᠵᠢᠭᠤ ᠨᠣᠮᠯᠠᠯ ᠢ ᠡᠰᠡᠷᠭᠦᠴᠡᠬᠦ ᠮᠡᠳᠡᠯᠭᠡ ᠪᠠ ᠪᠦᠲᠦᠮᠵᠢᠲᠠᠢ ᠠᠷᠭᠠᠴᠠᠬᠤ ᠠᠷᠭ᠎ᠠ  ᠪᠠᠷᠢᠯ ᠢ ᠨᠠᠷᠢᠨ ᠲᠠᠨᠢᠯᠴᠠᠭᠤᠯᠤᠭᠰᠠᠨ ᠪᠠᠶᠢᠨ᠎ᠠ᠃ ᠡᠭᠦᠨ ᠤ ᠬᠠᠮᠲᠤ᠂ ᠭᠠᠵᠢᠭᠤ ᠨᠣᠮᠯᠠᠯ ᠲᠠᠢ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠳᠡᠪᠬᠢᠲᠡᠶ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠵᠤ᠂ ᠣᠯᠠᠨ ᠲᠥᠮᠡᠨ ᠤ ᠭᠠᠵᠢᠭᠤ ᠨᠣᠮᠯᠠᠯ ᠢ ᠡᠰᠡᠷᠭᠦᠴᠡᠨ ᠬᠤᠷᠢᠭᠯᠠᠬᠤ ᠢᠲᠡᠭᠡᠯ ᠵᠣᠷᠢᠭ ᠪᠠ ᠡᠷᠴᠢ ᠬᠦᠴᠦᠨ ᠢ ᠳᠠᠶᠢᠴᠢᠯᠠᠨ᠂ ᠪᠥᠬᠦ ᠠᠷᠠᠳ ᠢᠶᠠᠷ ᠢᠶᠠᠨ ᠭᠠᠵᠢᠭᠤ ᠨᠣᠮᠯᠠᠯ ᠢ ᠡᠰᠡᠷᠭᠦᠴᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠬᠰᠠᠨ ᠪᠠᠶᠢᠨ᠎ᠠ᠃
3.jpg
      ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠲᠦᠮᠡᠨ ᠳᠤ ᠭᠠᠵᠢᠭᠤ ᠨᠣᠮᠯᠠᠯ ᠤᠨ ᠬᠤᠤᠷ ᠬᠦᠨᠦᠭᠡᠯ ᠢ ᠮᠡᠳᠡᠷᠡᠭᠦᠯᠵᠦ᠂ ᠣᠶᠣᠨ ᠪᠣᠳᠣᠯ ᠢ ᠲᠦᠭᠡᠷᠢᠭᠳᠡᠭᠦᠯᠦᠨ᠂ ᠤᠬᠠᠭᠠᠨ ᠰᠠᠨᠠᠭ᠎ᠠ ᠶᠢ ᠮᠣᠩᠬᠠᠷᠡᠭᠤᠯᠳᠠᠭ ᠭᠠᠵᠢᠭᠤ ᠮᠥᠨ ᠴᠢᠨᠠᠷ ᠢ ᠨᠢ ᠰᠡᠷᠭᠡᠭ ᠢᠶᠠᠷ ᠲᠠᠨᠢᠬᠤ ᠶᠢ ᠤᠬᠠᠭᠤᠯᠤᠨ ᠰᠤᠷᠲᠠᠯᠴᠢᠯᠠᠵᠤ᠂ ᠭᠠᠵᠢᠭᠤ ᠨᠣᠮᠯᠠᠯ ᠢ ᠢᠯᠭᠠᠨ ᠲᠠᠨᠢᠬᠤ ᠴᠢᠳᠠᠪᠤᠷᠢ ᠪᠠ ᠬᠢᠷᠢ ᠲᠦᠪᠰᠢᠨ ᠢ ᠨᠢ ᠳᠡᠭᠡᠭᠰᠢᠯᠡᠬᠦᠯᠦᠭᠰᠡᠨ ᠪᠠᠶᠢᠨ᠎ᠠ᠃
1.jpg
      ᠭᠠᠵᠢᠭᠤ ᠨᠣᠮᠯᠠᠯ ᠢ ᠡᠰᠡᠷᠭᠦᠴᠡᠬᠦ ᠪᠣᠯ ᠨᠢᠭᠡᠨ ᠳᠠᠭᠠᠭᠠᠮᠠᠭᠠᠢ ᠪᠥᠭᠡᠳ ᠬᠠᠲᠠᠭᠤ ᠪᠡᠷᠬᠡ ᠠᠵᠢᠯ ᠶᠣᠮ᠂ ᠪᠦᠬᠦ ᠨᠡᠶᠢᠭᠡᠮ ᠤᠨ ᠬᠠᠮᠲᠤ ᠶᠢᠨ ᠣᠷᠣᠯᠴᠠᠯᠭ᠎ᠠ ᠪᠠ ᠴᠢᠷᠮᠠᠶᠢᠯᠭ᠎ᠠ ᠳᠤ ᠲᠦᠰᠢᠭᠯᠡᠨ᠎ᠡ᠃ ᠳᠠᠷᠠᠭ᠎ᠠ ᠠᠯᠬᠤᠮ᠂ ᠰᠢᠯᠤᠭᠤᠨ ᠬᠥᠬᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠤᠯᠤᠰ ᠲᠥᠷᠥ ᠶᠢᠨ ᠠᠮᠤᠷ ᠲᠦᠪᠰᠢᠨ ᠳᠤ ᠬᠠᠮᠠᠭᠠᠯᠠᠬᠤ ᠶᠡᠭᠡ ᠠᠩᠭᠢ ᠨᠢ ᠨᠠᠩ ᠣᠯᠠᠨ ᠠᠷᠭ᠎ᠠ ᠬᠡᠯᠪᠡᠷᠢ ᠶᠢ ᠠᠰᠢᠬᠯᠠᠨ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠰᠢᠨᠵᠢᠯᠡᠬᠦ ᠤᠬᠠᠭᠠᠨ ᠢ ᠡᠷᠬᠢᠮᠯᠡᠬᠦ᠂ ᠭᠠᠵᠢᠭᠤ ᠨᠣᠮᠯᠠᠯ ᠢ ᠡᠰᠡᠷᠭᠦᠴᠡᠬᠦ ᠰᠠᠶᠢᠨ ᠰᠠᠶᠢᠬᠠᠨ ᠬᠡᠪ ᠰᠤᠷᠲᠠᠯ ᠢ ᠪᠣᠢ ᠪᠣᠯᠭᠠᠬᠤ ᠪᠠᠷ ᠴᠢᠷᠮᠠᠶᠢᠨ᠎ᠠ᠃ 
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ