ᠰᠢᠷ᠎ᠠ ᠲᠠᠩᠭᠢᠰ ᠤᠨ ᠬᠥᠪᠡᠭᠡᠨ᠎ᠡ᠂ ᠱᠠᠨᠳᠦ᠋ᠩ ᠤᠨ ᠿᠢ ᠵᠤᠤ ᠳᠤ᠂ ᠪᠠᠷᠤᠭ 28 ᠺᠢᠯᠣᠮᠧᠳ᠋ᠷ ᠤᠷᠲᠤ ᠳᠠᠯᠠᠢ ᠶᠢᠨ ᠡᠷᠭᠢ ᠶᠢᠨ ᠨᠣᠭᠤᠭᠠᠨ ᠵᠠᠮ ᠡᠮᠦᠨ᠎ᠡ | ᠤᠮᠠᠷ᠎ᠠ ᠶᠢ ᠰᠤᠨᠳᠠᠯᠠᠨ᠎ᠠ᠃ ︽ᠠᠮᠢ ᠠᠬᠤᠶ ᠣᠷᠴᠢᠨ ᠲᠣᠭᠤᠷᠢᠨ ᠢ ᠰᠠᠶᠢᠨ ᠪᠠᠶᠢᠯᠭᠠᠬᠤ ᠠᠷᠠᠳ ᠣᠯᠠᠨ ᠳᠤ ᠵᠢᠩᠬᠢᠨᠢ ᠵᠣᠯ ᠵᠢᠷᠭᠠᠯ ᠢ ᠨᠡᠮᠡᠭᠳᠡᠭᠦᠯᠦᠭᠰᠡᠨ ᠳᠤ | ᠲᠣᠭᠠᠴᠠᠨ᠎ᠠ᠃ ᠰᠠᠶᠢᠨ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠵᠤ ᠬᠠᠮᠠᠭᠠᠯᠠᠬᠤ ᠳᠤ ᠬᠠᠮᠲᠤ ᠪᠠᠷ ᠣᠷᠣᠯᠴᠠᠵᠠᠭᠠᠶ᠎ᠠ᠃︾ ᠡᠨᠡ ᠵᠢᠯ ᠤᠨ 5 ᠳ᠋ᠤᠭᠠᠷ | ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠠᠳᠡ ᠰᠢᠨᠵᠢᠯᠡᠨ ᠪᠠᠶᠢᠴᠠᠭᠠᠬᠤ ᠳᠤ ᠪᠠᠨ ᠢᠩᠭᠢᠵᠦ ᠴᠢᠬᠤᠯᠠᠴᠢᠯᠠᠪᠠ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠤ ︽ᠲᠣᠭᠲᠠᠭᠠᠯ︾ ᠳᠤ᠄ ︽ᠡᠷᠬᠡᠪᠰᠢ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ | ᠨᠣᠭᠤᠭᠠᠷᠠᠭᠤᠯᠤᠯᠲᠠ ᠶᠢ ᠥᠷᠭᠡᠳᠬᠡᠬᠦ ᠶᠢ ᠠᠵᠤ ᠠᠬᠤᠢ ᠶᠢ ᠨᠡᠮᠡᠭᠳᠡᠭᠦᠯᠬᠦ ᠯᠦᠭᠡ ᠬᠠᠮᠵᠢᠯᠴᠠᠨ ᠠᠬᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠢᠳᠡᠪᠬᠢᠲᠡᠢ | ᠠᠷᠭᠠᠴᠠᠭᠠᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠤᠰᠤ ᠮᠥᠨ ᠭᠡᠬᠦ ᠣᠨᠣᠯᠵᠢᠬᠤᠨ ᠤ ᠪᠠᠶᠢᠭᠤᠯᠤᠯ ᠲᠣᠭᠲᠠᠴᠠ ᠶᠢ | ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠶᠢ ᠲᠦᠷᠭᠡᠳᠬᠡᠬᠦ ᠬᠡᠷᠡᠭᠲᠡᠢ︾ ᠭᠡᠵᠦ ᠳᠤᠷᠠᠳᠴᠠᠢ᠃ | ᠡᠨᠡ ᠪᠣᠯ ᠬᠥᠬᠡᠮᠳᠦᠭ ᠨᠣᠭᠤᠭᠠᠨ ᠠᠭᠤᠯᠠ ᠤᠰᠤᠨ ᠤ ᠪᠠᠶᠢᠭᠠᠯᠢ ᠠᠬᠤᠢ ᠳᠤ ᠪᠢᠴᠢᠭᠳᠡᠭᠰᠡᠨ ᠦᠵᠡᠰᠬᠦᠯᠡᠩᠲᠦ ᠰᠠᠶᠢᠬᠠᠨ ᠬᠠᠷᠢᠭᠤᠯᠲᠠ — | ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠳᠤᠮᠳᠠᠳᠤ ᠶᠢᠨ | ᠦᠨᠳᠦᠰᠦᠲᠡᠨ ᠤ ᠥᠨᠢᠳᠡ ᠶᠢᠨ ᠬᠥᠭᠵᠢᠯᠲᠡ ᠳᠤ ᠬᠤᠯᠪᠣᠭᠳᠠᠭᠰᠠᠨ ᠦᠨᠳᠦᠰᠦᠨ ᠶᠡᠭᠡ ᠪᠤᠳᠤᠯᠭ᠎ᠠ ᠪᠣᠯᠭᠠᠵᠤ᠂ ᠠᠯᠢ ᠤᠯᠠᠨ ᠡᠭᠦᠳᠦᠯᠲᠡ ᠶᠢᠨ ᠴᠢᠨᠠᠷᠲᠠᠢ ᠠᠵᠢᠯ ᠢ | ᠥᠷᠨᠢᠭᠦᠯᠵᠦ᠂ ᠵᠣᠷᠢᠭ᠂ ᠡᠷᠴᠢᠮ ᠪᠠ ᠪᠦᠲᠦᠮᠵᠢ ᠶᠢᠨ ᠭᠤᠷᠮᠤᠰᠤᠨ ᠲᠠᠯ᠎ᠠ ᠪᠠᠷ ᠤᠷᠢᠳ ᠡᠮᠦᠨ᠎ᠡ ᠭᠠᠷᠤᠭ᠎ᠠ ᠦᠭᠡᠢ ᠶᠡᠭᠡ ᠲᠦᠪᠰᠢᠨ ᠳᠤ ᠬᠦᠷᠭᠡᠵᠦ᠂ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠨᠤᠯ ᠪᠠ ᠦᠢᠯᠡᠳᠦᠯᠭᠡ ᠨᠢ ᠴᠥᠮ ᠲᠡᠦᠬᠡᠲᠦ ᠴᠢᠨᠠᠷᠲᠠᠢ᠂ ᠡᠷᠭᠢᠯᠲᠡ ᠶᠢᠨ ᠴᠢᠨᠠᠷᠲᠠᠢ᠂ ᠪᠦᠬᠦ ᠲᠠᠯ᠎ᠠ ᠶᠢᠨ | ᠴᠢᠨᠠᠷᠲᠠᠢ ᠬᠤᠪᠢᠷᠠᠯᠲᠠ ᠭᠠᠷᠴᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠴᠢᠬᠤᠯᠠ ᠶᠡᠭᠡ ᠠᠯᠬᠤᠮ ᠢ ᠠᠯᠬᠤᠪᠠ᠃︾ | ︽ᠰᠢᠷᠭᠠᠭᠤ ᠴᠢᠷᠮᠠᠶᠢᠯᠭ᠎ᠠ ᠪᠠᠷ ᠳᠠᠮᠵᠢᠭᠠᠳ᠂ ᠮᠠᠨ ᠤ ᠤᠯᠤᠰ ᠤᠨ ᠲᠩᠷᠢ ᠨᠢ ᠨᠡᠩ ᠴᠡᠯᠮᠡᠭ᠂ ᠭᠠᠵᠠᠷ ᠨᠢ ᠨᠡᠩ ᠨᠣᠭᠤᠭᠠᠨ᠂ ᠤᠰᠤ ᠨᠢ ᠨᠡᠩ ᠲᠤᠩᠭᠠᠯᠠᠭ ᠪᠣᠯᠵᠤ᠂ | ᠲᠦᠮᠡᠨ ᠭᠠᠵᠠᠷ ᠢ ᠰᠤᠨᠳᠠᠯᠠᠭᠰᠠᠨ ᠠᠭᠤᠯᠠ ᠭᠤᠣᠯ ᠨᠢ ᠨᠡᠩ ᠭᠤᠶᠣ ᠪᠣᠯᠵᠠᠢ᠃︾ | ᠡᠨᠡ ᠪᠣᠯ ᠢᠷᠡᠭᠡᠳᠦᠢ ᠳᠤ ᠬᠠᠨᠳᠤᠭᠤᠯᠤᠭᠰᠠᠨ ᠲᠥᠪ ᠴᠢᠩᠭ᠎ᠠ ᠲᠤᠩᠬᠠᠭ — | ︽ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ᠋ᠢᠴᠡ ᠴᠢᠨᠠᠷ ᠢ ᠬᠦᠴᠦᠯᠡᠨ ᠳᠡᠭᠡᠭᠰᠢᠯᠡᠭᠦᠯᠵᠦ᠂ | ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢ ᠬᠠᠮᠠᠭᠠᠯᠠᠨ ᠥᠨᠵᠢᠭᠦᠯᠦᠨ ᠰᠡᠷᠭᠦᠭᠡᠬᠦ ᠶᠢᠨ ᠬᠢᠨᠠᠯᠲᠠ | ᠬᠠᠮᠢᠶᠠᠷᠤᠯᠲᠠ ᠪᠠᠨ ᠦᠨᠡᠨ ᠬᠦ ᠴᠢᠩᠭᠠᠳᠬᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠠᠯᠳᠠ ᠮᠥᠩᠭᠦᠨ ᠠᠭᠤᠯᠠ ᠤᠰᠤ ᠪᠣᠯᠭᠠᠬᠤ ᠵᠠᠮ ᠢ ᠥᠷᠭᠡᠳᠬᠡᠵᠦ᠂ | ᠦᠷ᠎ᠡ ᠬᠤᠶᠢᠴᠢᠰ ᠲᠤ ᠪᠠᠨ ᠠᠭᠤᠯᠠ ᠨᠢ ᠰᠠᠶᠢᠬᠠᠨ ᠤᠰᠤ ᠨᠢ ᠲᠤᠩᠭᠠᠯᠠᠭ ᠠᠮᠢ ᠠᠬᠤᠢ ᠶᠢᠨ ᠣᠷᠣᠨ ᠵᠠᠢ ᠦᠯᠡᠳᠡᠭᠡᠶ᠎ᠡ ᠃︾ | ᠣᠳᠣᠬᠠᠨ ᠳᠤ ᠪᠠᠨ ᠰᠠᠭᠤᠷᠢᠯᠠᠭᠰᠠᠨ ᠮᠥᠷᠲᠡᠭᠡᠨ ᠢᠷᠡᠭᠡᠳᠦᠢ ᠪᠠᠨ ᠴᠦ ᠲᠥᠯᠥᠪᠯᠡᠵᠡᠭᠡᠶᠡ᠃ | ᠤᠳᠠᠭ᠎ᠠ ᠪᠦᠷᠢ ᠶᠢᠨ ᠰᠢᠨᠵᠢᠯᠡᠨ ᠪᠠᠶᠢᠴᠠᠭᠠᠯᠲᠠ ᠪᠣᠯᠣᠨ ᠴᠢᠬᠤᠯᠠ ᠬᠤᠷᠠᠯᠳᠤᠭᠠᠨ ᠳᠤ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠶᠢᠨ ᠦᠨᠳᠦᠰᠦᠲᠡᠨ ᠤ | ᠥᠨᠢᠳᠡ ᠶᠢᠨ ᠬᠥᠭᠵᠢᠯᠲᠡ ᠳᠤ ᠠᠯᠤᠰ ᠤᠨ ᠪᠣᠳᠣᠯᠭ᠎ᠠ ᠭᠠᠷᠭᠠᠪᠠ᠃ | ︽ᠤᠢ ᠰᠢᠭᠤᠢ ᠶᠢ ᠪᠢᠳᠡ ᠡᠪᠦᠭᠡ ᠳᠡᠭᠡᠳᠦᠰ ᠠᠴᠠ ᠪᠠᠨ ᠵᠠᠯᠭᠠᠮᠵᠢᠯᠠᠭᠰᠠᠨ ᠶᠤᠮ᠂ ᠦᠷ᠎ᠡ ᠬᠤᠶᠢᠴᠢᠰ ᠲᠤ ᠪᠠᠨ ᠤᠯᠠᠮᠵᠢᠯᠠᠬᠤ ᠨᠢ ᠠᠯᠢᠨ ᠳᠤ ᠨᠢ ᠴᠤ | ᠣᠰᠣᠯᠳᠠᠮᠠᠷ ᠦᠭᠡᠢ ᠶᠤᠮ᠃︾ ᠭᠡᠵᠦ 2014 ᠣᠨ ᠤ 12 ᠳ᠋ᠤᠭᠠᠷ ᠰᠠᠷ᠎ᠠ ᠶᠢᠨ 25 ᠤ ᠡᠳᠦᠷ ᠬᠤᠷᠠᠯᠳᠤᠭᠤᠯᠤᠭᠰᠠᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠳᠤ ᠶᠡᠷᠦᠩᠬᠡᠢ ᠱᠦᠵᠢ ᠰᠢ ᠶᠢᠨ ᠫᠢᠩ ᠰᠡᠳᠬᠢᠯ ᠬᠦᠨᠳᠦ ᠪᠠᠷ ᠶᠠᠷᠢᠪᠠ᠃ | ︽ᠪᠠᠶᠢᠭᠠᠯᠢᠯᠢᠭ ᠣᠢ ᠰᠢᠭᠤᠢ ᠪᠣᠯᠭᠠᠨ ᠢ ᠬᠠᠮᠠᠭᠠᠯᠠᠶ᠎ᠠ︾᠃ ᠥᠩᠭᠡᠷᠡᠭᠰᠡᠨ ᠤ ︽ᠮᠣᠳᠣ ᠣᠭᠲᠣᠯᠤᠭᠴᠢ︾ ᠰᠦᠬᠡ ᠪᠠᠨ ᠬᠠᠶᠠᠵᠤ᠂ ᠣᠳᠣ ︽ᠮᠣᠳᠣ | ᠬᠠᠮᠠᠭᠠᠯᠠᠭᠴᠢ︾ ᠪᠣᠯᠵᠤ᠂ ᠰᠢᠨ᠎ᠡ ᠴᠠᠭ ᠦᠶ᠎ᠡ ᠠᠴᠠ ᠨᠠᠭᠠᠰᠢ ᠪᠦᠬᠦ ᠤᠯᠤᠰ ᠤᠨ ᠣᠢ ᠰᠢᠭᠤᠢ ᠶᠢᠨ ᠪᠦᠷᠬᠦᠴᠡ ᠶᠢᠨ ᠨᠣᠷᠮ᠎ᠠ 2.39 ᠵᠠᠭᠤᠨ ᠤ ᠴᠡᠭ ᠢᠶᠠᠷ | ᠳᠡᠭᠡᠭᠰᠢᠯᠡᠵᠡᠢ᠃ | ︽ᠬᠥᠬᠡᠮᠥ᠋ᠷᠡᠨ ᠤ ᠠᠮᠢ ᠠᠬᠤᠢ ᠣᠷᠴᠢᠨ ᠲᠣᠭᠤᠷᠢᠨ ᠮᠠᠨ ᠤ ᠡᠨᠡ ᠦᠶ᠎ᠡ ᠶᠢᠨ ᠬᠢᠨ ᠤ ᠭᠠᠷ ᠲᠤ ᠦᠷᠭᠦᠯᠵᠢᠯᠡᠨ ᠮᠠᠭᠤᠳᠠᠬᠤ ᠶᠢ ᠶᠠᠭᠠᠬᠢᠭᠰᠠᠨ ᠴᠤ | ᠬᠦᠯᠢᠶᠡᠬᠦ ᠦᠭᠡᠢ᠂ ᠦᠷ᠎ᠡ ᠬᠤᠶᠢᠴᠢᠰ ᠲᠤ ᠪᠠᠨ ᠴᠡᠩᠭᠡᠭ ᠰᠠᠶᠢᠬᠠᠨ ᠬᠥᠬᠡᠮᠥ᠋ᠷᠡᠨ ᠦᠯᠡᠳᠡᠭᠡᠬᠦ ᠬᠡᠷᠡᠭᠲᠡᠢ︕︾ ᠭᠡᠵᠦ ᠬᠤᠨᠠᠨ ᠤ ᠶᠤᠸᠠᠢ ᠶᠠᠩ ᠳᠤ ᠰᠢᠨᠵᠢᠯᠡᠨ | ᠪᠠᠶᠢᠴᠠᠭᠠᠬᠤ ᠳᠤ ᠪᠠᠨ ᠶᠡᠷᠦᠩᠬᠡᠢ ᠱᠦᠵᠢ ᠰᠢ ᠶᠢᠨ ᠫᠢᠩ ᠡᠷᠡᠰ ᠴᠢᠩᠭ᠎ᠠ ᠬᠡᠯᠡᠪᠡ᠃ | ︽ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠵᠤ᠂ ᠶᠡᠭᠡ ᠨᠡᠭᠡᠭᠡᠯᠲᠡ ᠶᠢ ᠬᠢᠬᠦ ᠦᠭᠡᠢ︾᠃ ᠮᠥᠷᠡᠨ ᠳᠠᠭᠠᠤ ᠮᠤᠵᠢ ᠶᠢᠨ ᠬᠢᠨ ᠤ ᠪᠣᠬᠢᠷᠲᠤᠯ ᠢ ᠵᠠᠰᠠᠵᠤ | ᠨᠣᠭᠤᠭᠠᠷᠠᠭᠤᠯᠤᠯᠲᠠ ᠶᠢ ᠨᠡᠮᠡᠭᠳᠡᠭᠦᠯᠵᠦ᠂ ᠡᠷᠭᠢ ᠶᠢᠨ ᠱᠤᠭᠤᠮ ᠢ ᠵᠠᠰᠠᠨ ᠰᠡᠷᠭᠦᠭᠡᠵᠦ᠂ ᠵᠢᠭᠠᠰᠤ ᠠᠩᠨᠠᠬᠤ ᠶᠢ ᠠᠷᠪᠠᠨ ᠵᠢᠯ ᠢᠶᠠᠷ ᠴᠠᠭᠠᠵᠠᠯᠠᠭᠰᠠᠨ ᠢᠶᠠᠷ ︽ᠬᠦᠨᠳᠦ | ᠡᠪᠡᠳᠴᠢᠯᠡᠭᠡᠳ ᠪᠠᠶᠢᠭᠰᠠᠨ︾ ᠳᠤᠮᠳᠠᠳᠤ ᠶᠢᠨ ᠦᠨᠳᠦᠰᠦᠲᠡᠨ ᠤ ᠡᠵᠢ ᠭᠤᠤᠯ ᠤᠨ ᠴᠡᠩᠭᠡᠭ ᠤᠰᠤ ᠨᠢ ᠣᠳᠣ ᠵᠡᠭᠦᠨᠰᠢ ᠤᠷᠤᠰᠤᠭᠰᠠᠨ ᠰᠢᠨ᠎ᠡ ᠳᠦᠷᠰᠦ | ᠪᠠᠶᠢᠳᠠᠯ ᠢᠶᠠᠨ ᠬᠠᠷᠠᠭᠤᠯᠵᠤ ᠪᠠᠶᠢᠨ᠎ᠠ᠃ | ︽ᠤᠯᠤᠰ ᠤᠨ ᠶᠡᠭᠡ ᠶᠠᠪᠤᠳᠠᠯ︾ ᠢ ᠪᠤᠳᠤᠵᠤ᠂ ᠲᠦᠮᠡᠨ ᠠᠷᠠᠳ ᠲᠠᠢ ᠰᠡᠳᠬᠢᠯ ᠬᠤᠯᠪᠣᠨᠠᠮ᠃ | ᠪᠣᠳᠣᠯᠬᠢᠯᠠᠵᠤ ᠪᠠᠶᠢᠬᠤ ᠨᠢ ᠬᠥᠮᠦᠨ ᠪᠠ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠦᠨᠳᠦᠰᠦᠨ ᠠᠷᠭ᠎ᠠ ᠪᠤᠳᠤᠯᠭ᠎ᠠ᠂ ᠲᠥᠯᠥᠪᠯᠡᠵᠦ | ᠪᠠᠶᠢᠬᠤ ᠨᠢ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠶᠢᠨ ᠦᠨᠳᠦᠰᠦᠨ ᠶᠡᠭᠡ ᠪᠤᠳᠤᠯᠭ᠎ᠠ᠂ ᠪᠠᠷᠠᠭᠠᠯᠠᠵᠤ ᠪᠠᠶᠢᠬᠤ ᠨᠢ ᠬᠥᠬᠡᠮᠳᠦᠭ ᠨᠣᠭᠤᠭᠠᠨ | ᠠᠭᠤᠯᠠ ᠤᠰᠤ ᠥᠨᠢᠳᠡ ᠣᠷᠣᠰᠢᠬᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠪᠣᠯᠣᠨ᠎ᠠ᠃ | ᠦᠷ᠎ᠡ ᠬᠤᠶᠢᠴᠢᠰ ᠲᠤ ᠪᠠᠨ ᠠᠭᠤᠯᠠ ᠨᠢ ᠰᠠᠶᠢᠬᠠᠨ ᠤᠰᠤ ᠨᠢ ᠲᠤᠩᠭᠠᠯᠠᠭ ᠠᠮᠢ ᠠᠬᠤᠢ ᠶᠢᠨ ᠣᠷᠣᠨ ᠵᠠᠢ ᠦᠯᠡᠳᠡᠭᠡᠵᠦ᠂ ᠬᠠᠮᠤᠭ ᠤᠨ ᠴᠢᠩᠭ᠎ᠠ ᠲᠦᠷᠢᠮ | ᠬᠠᠮᠤᠭ ᠤᠨ ᠴᠢᠩᠭ᠎ᠠ ᠬᠠᠤᠯᠢᠵᠢᠯ ᠢᠶᠠᠷ ᠠᠭᠤᠯᠠ ᠤᠰᠤ ᠡᠪᠡᠰᠦ ᠮᠣᠳᠣ ᠪᠠᠨ ᠬᠠᠮᠠᠭᠠᠯᠠᠬᠤ ᠬᠡᠷᠡᠭᠲᠡᠢ᠃ | ᠴᠢ ᠯᠢᠶᠠᠨ ᠱᠠᠨ ᠠᠭᠤᠯᠠᠨ ᠤ ᠡᠮᠦᠨ᠎ᠡ ᠬᠤᠷᠮᠣᠢ ᠳᠠᠬᠢ ᠬᠥᠬᠡᠨᠠᠭᠤᠷ ᠤᠨ ᠮᠦ ᠯᠢ ᠠᠭᠤᠷᠬᠠᠢ ᠶᠢᠨ ᠣᠷᠣᠨ ᠤ ᠡᠪᠡᠰᠦ ᠨᠢ ᠡᠬᠡ ᠭᠠᠵᠠᠷ ᠤᠨ ᠰᠢᠷᠬ᠎ᠠ ᠶᠢ | ᠠᠨᠠᠭᠠᠵᠤ ᠪᠣᠢ᠃ ᠡᠨᠡ ᠨᠤᠲᠤᠭ ᠢ ᠤᠤᠯ ᠨᠢ ᠬᠠᠤᠯᠢ ᠪᠤᠰᠤ ᠪᠠᠷ ᠮᠠᠯᠲᠠᠭᠰᠠᠨ ᠠᠴᠠ ᠠᠮᠢ ᠠᠬᠤᠢ ᠨᠢ ᠬᠦᠨᠳᠦ ᠨᠣᠴᠢᠲᠠᠢ ᠡᠪᠳᠡᠭᠳᠡᠪᠡ᠃ | ︽ᠮᠦ ᠯᠢ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠰᠡᠭᠦᠯ ᠦᠯᠡᠳᠡᠭᠡᠯ ᠦᠭᠡᠢ ᠪᠠᠷ ᠪᠥᠬᠦᠨ ᠢ ᠬᠢᠵᠦ ᠳᠠᠭᠤᠰᠬᠠᠨ᠂ | ᠬᠠᠷᠠᠮᠰᠠᠯ ᠦᠯᠡᠳᠡᠭᠡᠬᠦ ᠦᠭᠡᠢ︾ ︽ᠬᠤᠶᠢᠰᠢᠳᠠ ᠡᠶᠢᠮᠦᠷᠬᠦᠦ ᠠᠰᠠᠭᠤᠳᠠᠯ ᠢ ᠨᠢᠭᠡ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠬᠠᠰᠢ ᠶᠠᠰᠢ ᠣᠷᠬᠢᠵᠤ | ᠪᠣᠯᠬᠤ ᠦᠭᠡᠢ︾ ᠁ ᠭᠡᠵᠦ ᠶᠡᠷᠦᠩᠬᠡᠢ ᠱᠦᠵᠢ ᠰᠢ ᠶᠢᠨ ᠫᠢᠩ ᠣᠯᠠᠨᠲᠠ ᠴᠢᠬᠤᠯᠠ ᠵᠢᠭᠠᠪᠤᠷᠢ ᠴᠤᠬᠤᠯᠠᠪᠤᠷᠢ ᠦᠭᠴᠡᠢ᠃ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠵᠢᠴᠢ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠵᠢᠯᠯᠠᠬᠤ ᠳᠤᠭᠤᠶᠢᠯᠠᠩ | ᠪᠠᠶᠢᠭᠤᠯᠵᠤ᠂ ᠬᠥᠬᠡᠨᠠᠭᠤᠷ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠯᠤᠭ᠎ᠠ ᠬᠠᠮᠲᠤᠷᠠᠨ ᠪᠠᠶᠢᠴᠠᠭᠠᠵᠤ᠂ ᠶᠡᠷᠦᠩᠬᠡᠶᠢᠯᠡᠨ ᠴᠡᠭᠴᠡᠯᠡᠨ | ᠵᠠᠰᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠲᠠᠬᠢᠨ ᠪᠦᠲᠦᠭᠡᠪᠡ᠃ | ᠠᠮᠢ ᠠᠬᠤᠢ ᠣᠷᠴᠢᠨ ᠲᠣᠭᠤᠷᠢᠨ ᠢ ᠬᠦᠨᠳᠦ ᠨᠣᠴᠢᠲᠠᠢ ᠡᠪᠳᠡᠭᠰᠡᠨ ᠬᠡᠷᠡᠭ ᠢ ︽ᠢᠯᠡᠷᠡᠭᠦᠯᠬᠦ ᠳᠤ ᠯᠡ ᠬᠥᠷᠪᠡᠯ ᠡᠴᠦᠰ ᠲᠤ ᠨᠢ ᠲᠤᠯᠲᠠᠯ᠎ᠠ ᠠᠳᠬᠤᠶ᠎ᠠ︾᠃ | ᠶᠡᠷᠦᠩᠬᠡᠶ ᠱᠦᠵᠢ ᠰᠢ ᠶᠢᠨ ᠫᠢᠩ᠄ ︽ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠨᠢ ᠬᠡᠴᠢᠨᠡᠭᠡᠨ ᠣᠯᠠᠨ ᠠᠯᠲᠠ ᠮᠥᠩᠭᠦ ᠣᠯᠬᠤ ᠶᠠᠪᠤᠳᠠᠯ ᠪᠢᠰᠢ᠂ ᠬᠠᠷᠢᠨ | ᠲᠡᠦᠬᠡ᠂ ᠦᠷ᠎ᠡ ᠬᠤᠶᠢᠴᠢᠰ ᠤᠨ ᠢᠶᠠᠨ ᠲᠥᠯᠥᠭᠡ ᠬᠢᠭᠰᠡᠨ ᠠᠵᠢᠯ ᠪᠣᠯᠣᠨ᠎ᠠ︾ ᠭᠡᠵᠦ ᠲᠡᠭᠦᠨ ᠤ ᠳᠣᠲᠣᠷᠠᠬᠢ ᠦᠨᠡᠨ ᠤᠳᠬ᠎ᠠ ᠶᠢ ᠨᠢ ᠥᠭᠦᠯᠡᠪᠡ᠃ | ᠦᠷ᠎ᠡ ᠬᠤᠶᠢᠴᠢᠰ ᠲᠤ ᠪᠠᠨ ᠠᠭᠤᠯᠠ ᠨᠢ ᠰᠠᠶᠢᠬᠠᠨ ᠤᠰᠤ ᠨᠢ ᠲᠤᠩᠭᠠᠯᠠᠭ ᠠᠮᠢ ᠠᠬᠤᠢ ᠶᠢᠨ ᠣᠷᠣᠨ ᠵᠠᠢ ᠦᠯᠡᠳᠡᠭᠡᠵᠦ ᠥᠭᠬᠦ ᠳᠤ᠂ ᠥᠷᠭᠡᠨ ᠤᠯᠠᠨ | ᠠᠷᠠᠳ ᠲᠦᠮᠡᠨ ᠤ ᠢᠳᠡᠪᠬᠢᠵᠢᠯ᠂ ᠰᠠᠨᠠᠭᠠᠴᠢᠯᠠᠭ᠎ᠠ᠂ ᠪᠦᠲᠦᠭᠡᠯᠴᠢ ᠴᠢᠨᠠᠷ ᠢ ᠨᠢ ᠭᠦᠢᠴᠡᠳ ᠳᠠᠶᠢᠴᠢᠯᠠᠬᠤ ᠬᠡᠷᠡᠭᠲᠡᠢ᠃ | ᠰᠢ ᠶᠢᠨ ᠫᠢᠩ ᠨᠥᠬᠦᠷ ᠵᠧᠵᠢᠶᠠᠩ ᠳᠤ ᠠᠵᠢᠯᠯᠠᠵᠤ ᠪᠠᠶᠢᠬᠤ ᠬᠤᠭᠤᠴᠠᠭᠠᠨ ᠳᠤ ᠪᠠᠨ᠂ ᠠᠮᠢ ᠠᠬᠤᠢ ᠶᠢᠨ ᠰᠣᠶᠣᠯ ᠢ ᠪᠤᠶᠢᠵᠢᠭᠤᠯᠤᠨ ᠪᠠᠳᠠᠷᠠᠭᠤᠯᠬᠤ ᠶᠢ | ᠮᠠᠰᠢ ᠴᠢᠬᠤᠯᠠᠴᠢᠯᠠᠪᠠ᠃ ᠪᠦᠬᠦ ᠨᠡᠶᠢᠭᠡᠮ ᠢᠶᠠᠷ ᠢᠶᠠᠨ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠤᠰᠤ ᠮᠥᠨ ᠭᠡᠰᠡᠨ | ᠣᠨᠣᠯᠵᠢᠬᠤᠨ ᠢ ᠪᠠᠲᠤᠳᠬᠠᠨ ᠦᠢᠯᠡᠳᠦᠯᠭᠡᠵᠢᠭᠦᠯᠬᠦ ᠨᠢ ᠵᠧᠵᠢᠶᠠᠩ ᠢ ᠠᠮᠢ ᠠᠬᠤᠢ ᠶᠢᠨ ᠮᠤᠵᠢ ᠪᠣᠯᠭᠠᠨ ᠪᠦᠳᠦᠭᠡᠨ ᠪᠠᠶᠢᠭᠤᠯᠬᠤ ᠶᠢᠨ ᠥᠨᠢᠳᠡ ᠶᠢᠨ ᠳᠣᠲᠣᠭᠠᠳᠤ | ᠬᠥᠳᠡᠯᠭᠡᠬᠦ ᠬᠦᠴᠦᠨ ᠪᠣᠯᠪᠠ᠃ | ᠰᠢᠨ᠎ᠡ ᠴᠠᠭ ᠦᠶ᠎ᠡ ᠳᠤ ᠣᠷᠣᠭᠠᠳ ᠶᠡᠷᠦᠩᠬᠡᠢ ᠱᠦᠵᠢ ᠰᠢ ᠶᠢᠨ ᠫᠢᠩ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ 12 ᠵᠢᠯ | ᠳᠠᠷᠠᠭᠠᠯᠠᠭᠠᠳ ᠲᠥᠷᠥᠭᠦᠯᠵᠦ ᠣᠷᠣᠯᠴᠠᠪᠠ᠃ ᠡᠨᠡ ᠵᠢᠯ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠳᠤ ᠪᠠᠨ᠂ ᠶᠡᠷᠦᠩᠬᠡᠢ | ᠱᠦᠵᠢ ᠤᠯᠠᠨ ᠳᠤ ︽ᠮᠣᠳᠣ ᠲᠠᠷᠢᠵᠤ ᠣᠶᠢᠵᠢᠭᠤᠯᠬᠤ ᠳᠤ ᠢᠳᠡᠪᠬᠢᠲᠡᠢ ᠣᠷᠣᠯᠴᠠᠵᠤ᠂ ᠬᠥᠮᠦᠨ ᠪᠦᠬᠦᠨ ᠨᠣᠭᠤᠭᠠᠨ ᠡᠯᠴᠢ᠂ ᠠᠮᠢ ᠠᠬᠤᠢ ᠶᠢᠨ ᠬᠤᠰᠢᠭᠤᠴᠢ | ᠪᠣᠯᠬᠤ ᠪᠠᠷ ᠴᠢᠷᠮᠠᠶᠢᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢᠶᠠᠨ ᠪᠦᠳᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠵᠡᠭᠡᠶ᠎ᠡ︾ ᠭᠡᠵᠦ ᠤᠷᠢᠶᠠᠯᠠᠪᠠ᠃ | ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠳᠤ ᠬᠥᠮᠦᠨ ᠪᠦᠬᠦᠨ ᠬᠠᠮᠵᠢᠯᠴᠠᠭᠰᠠᠨ᠂ ᠳᠡᠮᠵᠢᠭᠰᠡᠨ᠂ ᠣᠷᠣᠯᠴᠠᠭᠰᠠᠨ ᠨᠡᠶᠢᠭᠡᠮ ᠤᠨ ᠠᠭᠤᠷ ᠠᠮᠢᠰᠬᠤᠯ | ᠠᠯᠬᠤᠮ ᠠᠯᠬᠤᠮ ᠢᠶᠠᠷ ᠪᠤᠢ ᠪᠣᠯᠪᠠ᠃ | ᠦᠷ᠎ᠡ ᠬᠤᠶᠢᠴᠢᠰ ᠲᠤ ᠪᠠᠨ ᠠᠭᠤᠯᠠ ᠨᠢ ᠰᠠᠶᠢᠬᠠᠨ ᠤᠰᠤ ᠨᠢ ᠲᠤᠩᠭᠠᠯᠠᠭ ᠠᠮᠢ ᠠᠬᠤᠢ ᠶᠢᠨ ᠣᠷᠣᠨ ᠵᠠᠢ ᠦᠯᠡᠳᠡᠭᠡᠵᠦ᠂ ᠴᠢᠨᠠᠷ ᠰᠠᠶᠢᠲᠠᠢ | ᠬᠥᠭᠵᠢᠯᠲᠡ ᠶᠢᠨ ᠨᠣᠭᠤᠭᠠᠷᠠᠭᠤᠯᠤᠯᠲᠠ ᠶᠢ ᠤᠯᠠᠮ ᠵᠤᠵᠠᠭᠠᠯᠠᠬᠤ ᠬᠡᠷᠡᠭᠲᠡᠢ᠃ | ᠪᠢᠲᠠ ᠣᠲᠣᠭᠢᠴᠢᠯᠠᠬᠰᠠᠨ ᠣᠯᠣᠰ ᠢ ᠪᠦᠲᠦᠭᠡᠨ ᠪᠠᠶᠢᠭᠤᠯᠬᠤ ᠳᠤ ᠠᠮᠧᠷᠢᠺᠠ ᠡᠸᠦ᠋ᠷᠦᠫᠡ ᠶᠢᠨ ᠬᠠᠭᠤᠴᠢᠨ ᠵᠠᠮ ᠢᠶᠠᠷ ᠵᠠᠮᠨᠠᠵᠤ ᠪᠣᠯᠬᠤ ᠦᠭᠡᠢ᠂ ᠡᠰᠡ | ᠲᠡᠭᠡᠪᠡᠯ ᠬᠡᠲᠣᠠ ᠲᠠᠯᠠᠭᠡᠢ ᠶᠢᠨ ᠪᠥᠮᠪᠥᠷᠴᠡᠭ ᠪᠠᠶᠢᠭᠰᠠᠨ ᠴᠤ ᠪᠦᠷᠢᠯᠭᠡᠬᠦ ᠶᠢ ᠳᠠᠭᠠᠭᠠᠬᠤ ᠦᠭᠡᠢ᠃︾ ᠭᠡᠰᠡᠨ ᠶᠡᠷᠦᠩᠬᠡᠢ ᠱᠦᠵᠢ ᠰᠢ ᠶᠢᠨ ᠫᠢᠩ ᠤᠨ ᠪᠣᠬᠢᠷᠲᠤᠯ | ᠦᠭᠡᠢ ᠬᠥᠭᠵᠢᠯᠲᠡ ᠶᠢᠨ ᠵᠠᠮ ᠳᠠᠬᠢ ᠪᠣᠳᠣᠯᠬᠢᠯᠠᠯ ᠨᠢ ᠮᠠᠰᠢ ᠭᠦᠨᠵᠡᠭᠡᠢ ᠪᠠᠶᠢᠯ᠎ᠠ᠃ | ᠬᠥᠭᠵᠢᠯᠲᠡ ᠪᠣᠯ ᠨᠠᠮ ᠤᠨ ᠲᠥᠷᠥ ᠪᠠᠷᠢᠵᠤ ᠤᠯᠤᠰ ᠢᠶᠠᠨ ᠮᠠᠨᠳᠤᠭᠤᠯᠬᠤ ᠶᠢᠨ ᠲᠡᠷᠢᠭᠦᠨ ᠴᠢᠬᠤᠯᠠ ᠡᠭᠦᠷᠭᠡ ᠶᠤᠮ᠃ ᠪᠣᠬᠢᠷᠲᠤᠯ ᠦᠭᠡᠢ ᠨᠢ ᠴᠢᠨᠠᠷ | ᠰᠠᠶᠢᠲᠠᠢ ᠬᠥᠭᠵᠢᠯᠲᠡ ᠶᠢᠨ ᠢᠯᠡ ᠲᠣᠳᠣ ᠳᠡᠪᠢᠰᠬᠡᠷ ᠥᠩᠭᠡ ᠪᠣᠯᠣᠨ᠎ᠠ᠃ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢᠶᠠᠨ ᠪᠦᠳᠦᠭᠡᠨ ᠪᠠᠶᠢᠭᠤᠯᠬᠤ ᠶᠢ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠤᠪᠤᠶᠢᠮ᠎ᠠ ᠪᠠᠶᠢᠷᠢᠨ ᠳᠤ ᠲᠠᠯᠪᠢᠵᠤ᠂ ᠨᠡᠭᠦᠷᠡᠰᠦᠲᠥ᠋ᠷᠥᠭᠴᠢ ᠶᠢ ᠤᠷᠬᠢᠯ ᠬᠡᠮᠵᠢᠭᠳᠡᠯ ᠳᠤ ᠬᠦᠷᠭᠡᠬᠦ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠲᠦ ᠪᠤᠳᠤᠯᠭ᠎ᠠ ᠭᠠᠷᠭᠠᠵᠤ᠂ ᠪᠣᠬᠢᠷᠲᠤᠯ ᠦᠭᠡᠢ ᠳᠣᠣᠷ᠎ᠠ | ᠨᠡᠭᠦᠷᠡᠰᠦᠲᠥ᠋ᠷᠥᠭᠴᠢᠲᠦ ᠣᠷᠴᠢᠯ ᠠᠵᠤ ᠠᠬᠤᠢ ᠶᠢᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠵᠤ᠂ ᠤᠢ ᠰᠢᠭᠤᠢ ᠶᠢᠨ ᠦᠢᠯᠡᠰ ᠤᠨ ᠨᠡᠭᠦᠷᠡᠰᠦᠲᠥ᠋ᠷᠥᠭᠴᠢ | ᠬᠤᠷᠠᠮᠳᠤᠭᠤᠯᠬᠤ ᠲᠤᠷᠰᠢᠯᠲᠠ ᠶᠢᠨ ᠴᠡᠭ ᠤᠨ ᠪᠦᠳᠦᠭᠡᠨ ᠪᠠᠶᠢᠭᠤᠯᠤᠯᠲᠠ ᠶᠢ ᠥᠷᠨᠢᠭᠦᠯᠵᠦ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ | ᠨᠣᠭᠤᠭᠠᠷᠠᠭᠤᠯᠤᠯᠲᠠ ᠶᠢ ᠥᠷᠭᠡᠳᠬᠡᠬᠦ ᠶᠢ ᠠᠵᠤ ᠠᠬᠤᠢ ᠶᠢ ᠨᠡᠮᠡᠭᠳᠡᠭᠦᠯᠬᠦ ᠯᠦᠭᠡ ᠬᠠᠮᠵᠢᠯᠴᠠᠨ ᠠᠬᠢᠭᠤᠯᠬᠤ ᠁ ᠶᠡᠷᠦᠩᠬᠡᠢ ᠱᠦᠵᠢ ᠰᠢ ᠶᠢᠨ ᠫᠢᠩ ᠪᠠᠶᠢᠯᠳᠤᠬᠤ | ᠪᠤᠳᠤᠯᠭ᠎ᠠ ᠶᠢᠨ ᠲᠣᠭᠲᠠᠯ ᠬᠦᠴᠦᠨ ᠢᠶᠠᠨ ᠢᠮᠠᠭᠲᠠ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠠᠮᠢ ᠠᠬᠤᠢ ᠶᠢ ᠤᠷᠢᠳ ᠢᠶᠠᠷ | ᠪᠣᠳᠣᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠶᠢ ᠬᠦᠳᠦᠯᠦᠨ ᠳᠠᠭᠠᠭᠤᠯᠪᠠ᠃ | ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠰᠢᠨᠲᠠᠷᠠᠰᠢ ᠦᠭᠡᠢ ᠵᠢᠳᠬᠦᠨ᠎ᠡ᠃ ᠲᠦᠮᠡᠨ ᠭᠠᠵᠠᠷ ᠤᠨ ᠠᠭᠤᠯᠠ ᠭᠤᠣᠯ ᠨᠡᠩ ᠦᠵᠡᠰᠬᠦᠯᠡᠩᠲᠦ ᠰᠠᠶᠢᠬᠠᠨ | ᠪᠣᠯᠵᠤ᠂ ᠪᠢᠳᠡ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠢ ᠠᠬᠤᠢ ᠶᠢᠨ ᠭᠠᠶᠢᠬᠠᠮᠰᠢᠭ᠂ ᠪᠣᠬᠢᠷᠲᠤᠯ ᠦᠭᠡᠢ ᠬᠥᠭᠵᠢᠯᠲᠡ ᠶᠢᠨ ᠭᠠᠶᠢᠬᠠᠮᠰᠢᠭ ᠢ ᠡᠭᠦᠳᠪᠡ᠃ | ᠨᠢᠳᠤᠨᠤᠨ ᠤ ᠪᠦᠬᠦ ᠤᠯᠤᠰ ᠤᠨ ᠠᠩᠬᠠᠳᠠᠭᠴᠢ ᠠᠮᠢ ᠠᠬᠤᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠶᠡᠷᠦᠩᠬᠡᠢ ᠱᠦᠵᠢ ᠰᠢ ᠶᠢᠨ ᠫᠢᠩ ᠴᠢᠬᠤᠯᠠ | ᠵᠢᠭᠠᠪᠤᠷᠢ ᠥᠭᠴᠦ᠄ ︽ᠪᠦᠬᠦ ᠨᠡᠶᠢᠭᠡᠮ ᠢᠶᠠᠷ ᠢᠶᠠᠨ ᠬᠥᠳᠡᠯᠦᠯᠴᠡᠵᠦ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠤᠰᠤ | ᠮᠥᠨ ᠭᠡᠬᠦ ᠣᠨᠣᠯᠵᠢᠬᠤᠨ ᠤ ᠢᠳᠡᠪᠬᠢᠲᠡᠢ ᠤᠯᠠᠮᠵᠢᠯᠠᠭᠴᠢ ᠪᠠ ᠵᠢᠱᠢᠶᠡᠴᠢ︾ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠳᠣᠣᠷ᠎ᠠ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯ ᠤᠨ ᠲᠣᠭᠲᠠᠯᠴᠠᠭ᠎ᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠭᠡᠰᠡᠨ ᠶᠡᠭᠡ | ᠶᠠᠪᠤᠳᠠᠯ ᠢ ᠰᠠᠶᠢᠲᠤᠷ ᠬᠢᠬᠦ ᠳᠤ ᠪᠢᠳᠡ ᠠᠭᠤᠯᠠ ᠨᠢ ᠰᠠᠶᠢᠬᠠᠨ ᠤᠰᠤ ᠨᠢ ᠲᠤᠩᠭᠠᠯᠠᠭ ᠠᠮᠢ ᠠᠬᠤᠢ ᠶᠢᠨ ᠣᠷᠣᠨ ᠵᠠᠢ ᠶᠢ ᠦᠷᠭᠦᠯᠵᠢᠯᠡᠨ ᠪᠦᠲᠦᠭᠡᠵᠦ᠂ ᠠᠷᠠᠳ | ᠲᠦᠮᠡᠨ ᠳᠤ ᠪᠠᠨ ᠪᠤᠶᠠᠨ ᠦᠢᠯᠡᠳᠴᠦ᠂ ᠦᠷ᠎ᠡ ᠬᠤᠶᠢᠴᠢᠰ ᠲᠤ ᠪᠠᠨ ᠬᠡᠰᠢᠭ ᠬᠦᠷᠲᠡᠭᠡᠶ᠎ᠡ᠃ |