2024 ᠣᠨ ᠤ 9 ᠰᠠᠷ᠎ᠠ ᠶᠢᠨ 3 ᠤ ᠡᠳᠦᠷ᠂ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ | ᠲᠢᠶᠠᠨᠱᠠᠨ ᠬᠤᠲᠠ ᠶᠢᠨ ᠲᠡᠭᠦᠷᠭᠡ ᠶᠢᠨ ᠲᠣᠮᠢᠯᠠᠭᠰᠠᠨ ᠰᠠᠯᠪᠤᠷᠢ ᠥᠬᠢᠨ ᠨᠢ ᠰᠤᠷᠭᠠᠭᠤᠯᠢ ᠠᠴᠠ ᠪᠠᠨ ᠪᠠᠭᠤᠭᠠᠳ ᠠᠯᠠᠭ᠎ᠠ ᠪᠣᠯᠪᠠ ᠭᠡᠰᠡᠨ ᠬᠡᠷᠡᠭ ᠤᠨ | ᠮᠡᠳᠡᠭᠦᠯᠦᠯᠲᠡ ᠶᠢ ᠲᠤᠰᠪᠠ᠃ ᠬᠡᠷᠡᠭ ᠤᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ ᠲᠢᠶᠠᠨᠱᠠᠨ ᠬᠤᠲᠠ ᠶᠢᠨ ᠲᠡᠭᠦᠷᠭᠡ ᠶᠢᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ | ᠲᠡᠷᠡ ᠳᠠᠷᠤᠶ ᠳᠤ ᠨᠢ ᠡᠷᠢᠬᠦ ᠠᠵᠢᠯ ᠢ ᠥᠷᠨᠢᠭᠦᠯᠪᠡ᠃ | | | | ᠣᠶᠢᠯᠭᠠᠭᠰᠠᠨ ᠢᠶᠠᠷ᠂ 2024 ᠣᠨ ᠤ 9 ᠰᠠᠷ᠎ᠠ ᠶᠢᠨ 3 ᠤ ᠡᠳᠦᠷ ᠤᠨ ᠦᠳᠡ ᠶᠢᠨ 12 ᠴᠠᠭ ᠤᠨ ᠦᠶ᠎ᠡ ᠪᠠᠷ ᠰᠤᠷᠭᠠᠭᠤᠯᠢ ᠲᠠᠷᠬᠠᠭᠠᠳ᠂ ᠬᠡᠤᠬᠡᠳ ᠢ | ᠲᠤᠰᠴᠤ ᠬᠦᠷᠭᠡᠬᠦ ᠵᠢᠯᠣᠭᠤᠴᠢ ᠨᠢ ᠲᠣᠰ ᠡᠳᠦᠷ ᠲᠤ ᠤᠴᠢᠷ ᠲᠠᠢ ᠪᠣᠯᠣᠭᠠᠳ ᠪᠤᠰᠤᠳ ᠵᠢᠯᠣᠭᠤᠴᠢ ᠪᠠᠷ ᠰᠣᠷᠣᠭᠴᠢ ᠪᠠᠨ ᠲᠣᠰᠤᠭᠤᠯᠤᠭᠰᠠᠨ ᠪᠣᠯᠪᠠᠴᠤ ᠡᠨᠡ ᠬᠦ | ᠥᠬᠢᠨ ᠢ ᠲᠠᠨᠢᠬᠤ ᠥᠬᠡᠶ ᠠᠴᠠ ᠪᠣᠯᠵᠣ ᠲᠣᠰᠴᠤ ᠣᠯᠤᠭᠰᠠᠨ ᠥᠬᠡᠶ᠂ ᠣᠳᠣ ᠪᠣᠯᠲᠠᠯ᠎ᠠ ᠭᠡᠷ ᠲᠤ ᠪᠠᠨ ᠬᠠᠷᠢᠭ᠎ᠠ ᠦᠭᠡᠢ᠃ ᠭᠡᠷ ᠤᠨ ᠬᠥᠮᠦᠰ ᠨᠢ ᠤᠯᠠᠨ | ᠭᠠᠵᠠᠷ ᠠᠴᠠ ᠡᠷᠢᠭᠡᠳ ᠡᠷᠢᠵᠦ ᠣᠯᠣᠭᠰᠠᠨ ᠦᠭᠡᠢ ᠪᠣᠯᠬᠤᠷ ᠴᠠᠭᠳᠠᠭ᠎ᠠ ᠳᠤ ᠬᠡᠷᠡᠭ ᠮᠡᠳᠡᠭᠦᠯᠵᠦ ᠲᠤᠰᠠᠯᠠᠮᠵᠢ ᠭᠤᠶᠤᠪᠠ᠃ ᠠᠷᠠᠳ ᠤᠨ ᠴᠠᠭᠳᠠᠭ᠎ᠠ ᠬᠡᠷ ᠤᠨ | ᠬᠥᠮᠦᠰ ᠠᠴᠠ ᠲᠤᠰ ᠥᠬᠢᠨ ᠤ ᠪᠡᠶ᠎ᠡ ᠪᠠᠶᠢᠳᠠᠯ᠂ ᠡᠮᠦᠰᠬᠡᠯ ᠵᠠᠰᠠᠯ᠂ ᠲᠥᠭᠡᠷᠢᠭᠰᠡᠨ ᠥᠩᠭᠡᠷᠡᠯᠲᠡ ᠵᠢᠴᠢ ᠣᠶᠢᠷ᠎ᠠ ᠶᠢᠨ ᠠᠮᠢᠳᠤᠷᠠᠯ ᠤᠨ ᠬᠡᠷᠡᠯ ᠵᠢᠷᠤᠭ ᠵᠡᠷᠭᠡ ᠮᠡᠳᠡᠭᠡ | ᠵᠠᠩᠭᠢ ᠶᠢ ᠨᠠᠷᠢᠨ ᠠᠰᠠᠭᠤᠨ ᠯᠠᠪᠯᠠᠵᠤ᠂ ᠡᠲᠡᠭᠡᠷ ᠵᠠᠩᠭᠢᠯᠠᠭ᠎ᠠ ᠶᠢᠨ ᠮᠡᠳᠡᠭᠡ ᠵᠠᠩᠭᠢ ᠶᠢ ᠦᠨᠳᠦᠰᠦᠯᠡᠨ᠂ ᠠᠷᠠᠳ ᠤᠨ ᠴᠠᠭᠳᠠᠭ᠎ᠠ ᠳᠠᠷᠤᠶ ᠲᠦᠷᠭᠡᠨ ᠲᠥᠭᠡᠷᠢᠭᠰᠡᠨ | ᠥᠬᠢᠨ ᠤ ᠭᠠᠷ ᠴᠠᠭ ᠤᠨ ᠪᠠᠶᠢᠷᠢ ᠲᠣᠭᠲᠠᠭᠠᠯᠲᠠ ᠠᠯᠠᠭ᠎ᠠ ᠪᠣᠯᠣᠭᠰᠠᠨ ᠭᠠᠵᠠᠷ ᠲᠤ ᠬᠦᠷᠴᠦ ᠡᠷᠢᠪᠡ᠃ ᠠᠷᠠᠳ ᠤᠨ ᠴᠠᠭᠳᠠᠭ᠎ᠠ ᠣᠶᠢᠷ᠎ᠠ ᠬᠤᠪᠢ ᠬᠢᠨᠠᠨ | ᠡᠵᠡᠮᠳᠡᠭᠦᠷ ᠢ ᠵᠢᠭᠰᠠᠭᠠᠨ ᠪᠠᠶᠢᠴᠠᠭᠠᠬᠤ᠂ ᠭᠠᠷ ᠤᠲᠠᠰᠤᠨ ᠤ ᠸᠢᠴᠠᠲ ᠤᠨ ᠬᠤᠯᠪᠣᠭᠠᠨ ᠳᠤ ᠲᠥᠭᠡᠷᠢᠭᠰᠡᠨ ᠥᠬᠢᠨ ᠤ ᠪᠡᠶ᠎ᠡ ᠪᠠᠶᠢᠳᠠᠯ ᠳᠦᠷᠢ ᠲᠥᠷᠬᠦ ᠶᠢᠨ | ᠣᠨᠴᠠᠯᠢᠭ ᠤᠨ ᠮᠡᠳᠡᠭᠡ ᠵᠠᠩᠭᠢ ᠶᠢ ᠨᠡᠶᠢᠲᠡᠯᠡᠬᠦ ᠪᠠᠷ ᠳᠠᠮᠵᠢᠭᠤᠯᠤᠨ ᠡᠷᠢᠬᠦ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠡᠴᠦᠰ ᠲᠤ ᠪᠠᠨ ᠲᠡᠳᠡᠨ ᠤ ᠬᠡᠷ ᠤᠨ | ᠣᠶᠢᠷᠠᠯᠴᠠᠭ᠎ᠠ ᠲᠥᠭᠡᠷᠢᠭᠰᠡᠨ ᠥᠬᠢᠨ ᠢ ᠡᠷᠢᠵᠦ ᠣᠯᠤᠭᠠᠳ᠂ ᠠᠪᠤ ᠡᠵᠢ ᠳᠤ ᠨᠢ ᠠᠮᠤᠷ ᠲᠦᠪᠰᠢᠨ ᠢᠶᠠᠷ ᠲᠤᠰᠢᠶᠠᠪᠠ᠃ |