ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠠᠶᠢᠬᠠᠨ ᠲᠠᠯ᠎ᠠ ᠲᠣᠮᠢᠯᠠᠭᠰᠠᠨ ᠰᠠᠯᠪᠤᠷᠢ ᠨᠢᠭᠡ ᠤᠳᠠᠭᠠᠨ ᠤ ᠵᠥᠷᠢᠴᠡᠯ ᠵᠠᠭᠤᠷᠠᠯᠳᠤᠭᠠᠨ ᠢ ᠠᠮᠵᠢᠯᠲᠠᠲᠠᠶ ᠡᠶᠡᠳᠡᠭᠦᠯᠪᠡ
ᠨᠡᠶᠢᠲᠡᠯᠡᠭᠰᠡᠨ ᠴᠠᠭ᠄
2024/9/12
      2024 ᠣᠨ ᠤ 9 ᠰᠠᠷ᠎ᠠ ᠶᠢᠨ 1 ᠤ ᠡᠳᠦᠷ᠂ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠠᠶᠢᠬᠠᠨ ᠲᠠᠯ᠎ᠠ ᠶᠢᠨ ᠲᠣᠮᠢᠯᠠᠭᠰᠠᠨ ᠰᠠᠯᠪᠤᠷᠢ ᠶᠢᠨ ᠬᠠᠷᠢᠶᠠᠲᠤ ᠣᠷᠣᠨ ᠤ ᠡ ᠣᠪᠣᠭᠲᠤ ᠶᠢᠨ ᠪᠢ ᠰᠠ ᠣᠪᠣᠭᠲᠤ ᠲᠠᠢ ᠠᠷᠢᠬᠢ ᠦᠦᠭᠤᠭᠰᠠᠨ ᠤ ᠳᠠᠷᠠᠭ᠎ᠠ ᠮᠠᠷᠭᠤᠯᠳᠤᠭᠠᠨ ᠭᠠᠷᠴᠠᠢ ᠭᠡᠰᠡᠨ ᠬᠡᠷᠡᠭ ᠤᠨ ᠮᠡᠳᠡᠭᠦᠯᠦᠯᠲᠡ ᠶᠢ ᠲᠣᠰᠪᠠ᠃ ᠬᠡᠷᠡᠭ ᠤᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ ᠠᠷᠠᠳ ᠤᠨ ᠴᠠᠭᠳᠠᠭ᠎ᠠ ᠲᠡᠷᠡ ᠳᠠᠷᠤᠶ ᠳᠤ ᠨᠢ ᠲᠤᠬᠠᠶ ᠶᠢᠨ ᠲᠠᠯᠠᠪᠠᠶ ᠳᠤ ᠬᠦᠷᠴᠦ ᠣᠶᠢᠯᠠᠭᠠᠭᠰᠠᠨ ᠢᠶᠠᠷ᠂ ᠡ ᠣᠪᠣᠭᠲᠤ ᠪᠣᠯᠤᠨ ᠰᠠ ᠣᠪᠣᠭᠲᠤ ᠠᠷᠢᠬᠢ ᠤᠤᠭᠤᠭᠰᠠᠨ ᠤ ᠳᠠᠷᠠᠭ᠎ᠠ ᠠᠷᠰᠠᠷ ᠶᠠᠪᠤᠳᠠᠯ ᠠᠴᠠ ᠪᠣᠯᠵᠤ ᠬᠡᠯᠡ ᠠᠮᠠ ᠪᠣᠯᠵᠤ ᠭᠠᠷ ᠬᠥᠳᠡᠯᠪᠡ᠃
赛罕塔拉派出所矛盾纠纷.jpg
      ᠵᠠᠭᠤᠷᠠᠯᠳᠤᠭᠠᠨ ᠢ ᠲᠣᠬᠢᠲᠠᠶ ᠰᠢᠢᠳᠪᠦᠷᠢᠯᠡᠬᠦ ᠶᠢᠨ ᠲᠥᠯᠥᠭᠡ᠂ ᠠᠷᠠᠳ ᠤᠨ ᠴᠠᠭᠳᠠᠭ᠎ᠠ ᠬᠤᠶᠠᠷ ᠲᠠᠯ᠎ᠠ ᠶᠢᠨ ᠦᠵᠡᠯ ᠰᠠᠨᠠᠭᠠᠨ ᠤ ᠠᠵᠢᠯ ᠢ ᠬᠦᠯᠢᠴᠡᠩᠭᠦᠶ ᠪᠠᠷ ᠨᠠᠷᠢᠨ ᠨᠢᠮᠪᠠᠶ ᠬᠢᠵᠡᠶ᠃ ᠡᠴᠦᠰ ᠲᠤ ᠪᠠᠨ ᠠᠷᠠᠳ ᠤᠨ ᠴᠠᠭᠳᠠᠭ᠎ᠠ ᠶᠢᠨ ᠴᠢᠷᠮᠠᠶᠢᠯᠭ᠎ᠠ ᠪᠠᠷ᠂ ᠬᠤᠶᠠᠷ ᠲᠠᠯ᠎ᠠ ᠪᠠᠷ ᠢᠶᠠᠨ ᠥᠪᠡᠷ ᠥᠪᠡᠷ ᠤᠨ ᠪᠤᠷᠤᠭᠤ ᠪᠠᠨ ᠲᠠᠨᠢᠵᠤ᠂ ᠨᠢᠭᠡ ᠴᠠᠭ ᠤᠨ ᠠᠭᠤᠷ ᠠᠴᠠ ᠪᠣᠯᠵᠣ ᠬᠡᠯᠡ ᠠᠮᠠ ᠪᠣᠯᠵᠣ ᠴᠢᠨᠠᠭᠰᠢᠯᠠᠪᠠᠯ ᠭᠠᠷ ᠬᠥᠳᠡᠯᠦᠨ ᠬᠡᠷᠡᠯᠳᠦᠵᠦ ᠪᠣᠯᠬᠤ ᠥᠬᠡᠶ ᠭᠡᠵᠦ ᠢᠯᠡᠷᠬᠡᠶᠢᠯᠡᠵᠦ᠂ ᠬᠤᠶᠠᠷ ᠲᠠᠯ᠎ᠠ ᠪᠠᠷ ᠢᠶᠠᠨ ᠡᠶᠡᠳᠡᠭᠦᠯᠭᠡ ᠶᠢᠨ ᠬᠡᠯᠡᠯᠴᠡᠭᠡᠷ ᠲᠤ ᠭᠠᠷ ᠤᠨ ᠥᠰᠥᠭ ᠵᠢᠷᠤᠬᠤ ᠶᠢᠨ ᠬᠠᠮᠲᠤ ᠭᠠᠷ ᠠᠳᠬᠤᠨ ᠡᠶᠡᠳᠡᠪᠡ᠃ 
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ